ᠴᠧᠨ ᠬᠤ᠋ ᠨᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠢᠭᠡᠳ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠲᠠ ᠬᠥᠳᠡᠭᠡ ᠶᠢᠨ ᠬᠤᠭ ᠨᠣᠪᠰᠢ ᠶᠢ ᠶᠡᠷᠣᠩᠬᠡᠶᠢᠯᠡᠨ ᠰᠢᠢᠳᠪᠦᠷᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/22
       ᠣᠶᠢᠷ᠎ᠡ ᠶᠢᠨ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠧᠨ ᠬᠤ᠋ ᠨᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠢᠭᠡᠳ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠲᠠ ᠬᠥᠳᠡᠭᠡ ᠶᠢᠨ ᠬᠤᠭ ᠨᠣᠪᠰᠢ ᠶᠢ ᠶᠡᠷᠣᠩᠬᠡᠶᠢᠯᠡᠨ ᠰᠢᠢᠳᠪᠦᠷᠢᠯᠡᠬᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃
       ᠴᠧᠨ ᠬᠤ᠋ ᠨᠠᠨ ᠤᠷᠢᠳ ᠬᠤᠵᠢᠳ ᠰᠢᠨ ᠮᠢᠨ ᠰᠢᠶᠠᠩ ᠤᠨ ᠭᠤᠸᠠᠩ ᠮᠢᠩ ᠲᠣᠰᠬᠤᠨ᠂ ᠪᠠᠶᠠᠨᠬᠤᠸᠠ ᠪᠠᠯᠭᠠᠰᠤᠨ ᠤ ᠳᠣᠯᠣᠭᠠᠨ ᠪᠠᠶᠢᠰᠢᠩ ᠲᠣᠰᠬᠤᠨ᠂ ᠤᠯᠠᠭᠠᠨᠬᠠᠳᠠ ᠰᠢᠶᠠᠩ ᠤᠨ ᠱᠤᠸᠠᠩ ᠱᠠᠨ ᠪᠦᠦ ᠲᠣᠰᠬᠤᠨ᠂ ᠰᠢᠶᠠᠨᠹᠧᠩ ᠰᠢᠶᠠᠩ ᠤᠨ ᠭᠤᠸᠠᠩ ᠢ ᠲᠣᠰᠬᠤᠨ ᠳᠤ ᠭᠦᠡᠵᠡᠭᠡᠶᠢᠷᠡᠵᠤ᠂ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠤᠨ ᠨᠥᠭᠡᠴᠡᠯᠡᠯ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠬᠤ ᠵᠡᠷᠭᠡ ᠠᠵᠢᠯ ᠤᠨ ᠬᠤᠯᠪᠣᠭᠳᠠᠯ ᠪᠦᠬᠦᠢ ᠪᠠᠶᠢᠳᠡᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ ᠣᠶᠢᠯᠠᠭᠠᠪᠠ᠃
       ᠴᠧᠨ ᠬᠤ᠋ ᠨᠠᠨ ᠴᠢᠩᠭᠠᠳᠬᠠᠬᠤ ᠳᠠᠭᠠᠨ᠂ ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠵᠠᠩᠭᠢᠯᠠᠭ᠎ᠠ ᠶᠢᠨ ᠴᠠᠭ ᠦᠶ᠎ᠡ ᠳᠤ ᠪᠠᠶᠢᠨ᠎ᠠ᠂ ᠡᠯ᠎ᠡ ᠭᠠᠵᠠᠷ ᠣᠷᠣᠨ ᠤ ᠬᠢᠨ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠠᠷᠢᠶᠠᠯᠠᠩ ᠤᠨ ᠦᠢᠯᠡᠣᠡᠪᠣᠷᠢᠯᠡᠯ ᠤᠨ ᠬᠡᠷᠡᠭᠰᠡᠯ ᠤᠨ ᠬᠠᠩᠭᠠᠯᠭ᠎ᠠ ᠬᠡᠷᠡᠭᠴᠡᠭᠡ ᠶᠢ ᠲᠣᠬᠢᠷᠠᠭᠤᠯᠬᠤ ᠬᠢᠭᠡᠳ  ᠦᠢᠯᠡᠣᠡᠪᠣᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠰᠠᠶᠢᠲᠤᠷ ᠬᠢᠵᠦ᠂ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠣᠡᠪᠣᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠶᠢ  ᠪᠦᠬᠦ  ᠬᠦᠴᠦᠨ  ᠢᠶᠠᠷ  ᠢᠶᠠᠨ  ᠲᠦᠷᠭᠡᠳᠬᠡᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠭᠤᠨ ᠪᠠᠶᠢᠯᠭᠠᠵᠤ᠂ ᠤᠨᠠᠯᠲᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠶ᠃ ︽ᠲᠥᠷᠥᠯ ᠵᠦᠢᠯ ᠢᠶᠠᠷ ᠭᠤᠤᠯ ᠪᠣᠯᠭᠠᠬᠤ︾ ᠣᠶᠢᠯᠠᠭᠠᠡᠡᠳᠠᠬᠤᠨ ᠢ ᠪᠠᠲᠤ ᠪᠤᠢ ᠪᠣᠯᠭᠠᠵᠤ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠤᠤᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠳᠣᠩᠭᠤᠷᠠᠭᠤᠯᠤᠨ ᠪᠠᠶᠢᠷᠢᠯᠠᠭᠤᠯᠵᠤ᠂ ᠬᠦᠴᠦᠨ ᠢ ᠲᠣᠬᠢᠷᠠᠭᠤᠯᠬᠤ᠂ ᠰᠢᠪᠠᠷ ᠰᠢᠷᠣᠶ ᠶᠢᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ᠂ ᠲᠣᠨᠤᠭ ᠲᠥᠬᠦᠭᠡᠷᠦᠮᠵᠢ ᠤᠭᠰᠠᠷᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠭᠠᠵᠠᠷ ᠣᠷᠣᠨ ᠤ ᠪᠠᠶᠢᠳᠡᠯ ᠳᠤᠨᠢ ᠲᠣᠬᠢᠷᠠᠭᠤᠯᠤᠨ ᠬᠤᠲᠠ ᠬᠥᠳᠡᠭᠡ ᠶᠢᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠵᠠᠭᠪᠤᠷ ᠢ ᠲᠣᠭᠲᠠᠭᠠᠵᠤ᠂ ᠬᠤᠷᠢᠶᠠᠨ ᠴᠤᠭᠯᠠᠭᠤᠯᠵᠤ ᠬᠠᠳᠠᠭᠠᠯᠠᠬᠤ᠂ ᠳᠠᠮᠵᠢᠭᠤᠯᠤᠨ ᠲᠡᠭᠡᠭᠡᠪᠦᠷᠢᠯᠡᠬᠦ ᠵᠡᠷᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ᠂ ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠨᠢᠭᠡᠳᠦᠯᠲᠡᠶ ᠲᠥᠯᠥᠪᠵᠢᠭᠦᠯᠦᠨ  ᠰᠠᠶᠢᠳᠣᠷ ᠠᠳᠬᠤᠵᠤ᠂ ᠨᠠᠩ ᠭᠤᠶᠤ ᠰᠠᠶᠢᠬᠠᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠢᠷᠮᠠᠶᠢᠨ ᠪᠣᠢ ᠪᠣᠯᠭᠠᠬᠤ ᠬᠡᠷᠡᠭᠲᠡᠶ ᠭᠡᠵᠡᠶ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号