4 ᠰᠠᠷ᠎ᠠ ᠶᠢᠨ 21 ᠤ ᠡᠳᠦᠷ᠂ ᠰᠠᠶᠢᠬᠠᠡᠳᠠᠯᠠ ᠰᠤᠮᠤ ᠪᠣᠯᠤᠨ ᠲᠢᠶᠠᠨᠱᠠᠨᠺᠸᠦ ᠪᠠᠯᠭᠠᠰᠤ ︽ᠠᠨᠠᠷ ᠤᠨ | ᠴᠡᠴᠡᠭ ᠢ ᠳᠡᠯᠭᠡᠷᠡᠭᠦᠯᠦᠨ ᠤᠮᠠᠷᠠᠲᠤ ᠬᠢᠯᠢ ᠪᠠᠨ ᠪᠠᠬᠢᠵᠢᠭᠦᠯᠵᠦ᠂ ᠨᠣᠭᠤᠭᠠᠷᠠᠭᠤᠯᠤᠯᠲᠠ ᠬᠢᠵᠦ ᠡᠯᠡᠰᠦ ᠶᠢ | ᠲᠣᠭᠲᠠᠪᠤᠷᠢᠵᠢᠭᠤᠯᠤᠨ ᠭᠡᠷ ᠣᠷᠣᠨ ᠢᠶᠠᠨ ᠬᠠᠮᠠᠭᠠᠯᠠᠬᠤ︾ ᠨᠠᠮ ᠤᠨ ᠪᠠᠶᠢᠭᠤᠯᠤᠯᠲᠠ ᠪᠠᠷ ᠠᠯᠪᠠᠨ ᠵᠢᠷᠤᠮ ᠤᠨ ᠮᠣᠳᠣ | ᠲᠠᠷᠢᠬᠤ ᠶᠢ ᠬᠥᠲᠥᠯᠥᠨ ᠳᠠᠭᠠᠭᠤᠯᠬᠤ ᠬᠠᠮᠲᠤᠷᠠᠨ ᠪᠠᠶᠢᠭᠤᠯᠬᠤ ᠠᠵᠢᠯᠯᠠᠭ᠎ᠠ ᠥᠷᠨᠢᠭᠦᠯᠵᠦ᠂ ᠰᠠᠶᠢᠬᠠᠡᠳᠠᠯᠠ | ᠰᠤᠮᠤ ᠶᠢᠨ ᠪᠠᠶᠠᠨᠨᠠᠭᠤᠷ ᠭᠠᠴᠠᠭ᠎ᠠ ᠳᠤ ᠶᠠᠪᠤᠭᠳᠠᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠨᠢᠭᠡᠳᠦᠮᠡᠯ | ᠹᠷᠣᠨᠲ ᠤᠨ ᠬᠡᠯᠲᠡᠰ᠂ ᠬᠤᠰᠢᠭᠤᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠠᠶᠢᠬᠠᠡᠳᠠᠯᠠ ᠰᠤᠮᠤ᠂ | ᠲᠢᠶᠠᠨᠱᠠᠨᠺᠸᠤ ᠪᠠᠯᠭᠠᠰᠤ ᠶᠢᠨ ᠺᠠᠳ᠋ᠷ ᠠᠵᠢᠯᠲᠠᠨ ᠤ ᠲᠥᠯᠥᠭᠡᠯᠡᠭᠴᠢ ᠵᠢᠴᠢ ᠥᠪᠥᠷ ᠮᠣᠩᠭᠤᠯ ᠤᠨ ᠵᠠᠮ ᠬᠠᠷᠢᠯᠴᠠᠭᠠᠨ ᠤ | ᠰᠢᠨᠵᠢᠯᠡᠭᠡ ᠶᠢᠨ ᠵᠠᠮ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠠᠵᠢᠯᠲᠠᠨ | ᠠᠵᠢᠯᠴᠢᠨ ᠤ ᠲᠥᠯᠥᠭᠡᠯᠡᠭᠴᠢ ᠵᠡᠷᠭᠡ 100 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃ | | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠬᠤᠰᠢᠭᠤᠨ ᠣᠢ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠮᠣᠳᠣ ᠲᠠᠷᠢᠬᠤ ᠲᠥᠯᠥᠪᠯᠡᠭᠡ ᠶᠢᠨ ᠱᠠᠭᠠᠷᠳᠠᠯᠭ᠎ᠠ ᠪᠠ | ᠠᠩᠬᠠᠷᠬᠤ ᠵᠦᠢᠯᠡᠰ ᠢ ᠨᠠᠷᠢᠨ ᠲᠠᠶᠢᠯᠪᠣᠷᠢᠯᠠᠵᠤ᠂ ᠣᠯᠠᠨ ᠢᠶᠠᠷ ᠢᠶᠠᠨ ᠠᠵᠢᠯ ᠤᠨ ᠬᠤᠪᠢᠶᠠᠷᠢᠯᠠᠯ ᠲᠣᠳᠣᠷᠬᠠᠶ ᠪᠥᠭᠡᠳ | ᠵᠠᠭᠠᠭᠯᠠᠨ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠬᠦᠷᠵᠡ ᠪᠠᠷ ᠨᠦᠬᠡ ᠮᠠᠯᠲᠠᠨ ᠴᠢᠬᠢ ᠮᠣᠳᠣ ᠶᠢ ᠰᠠᠭᠤᠯᠭᠠᠨ | ᠲᠠᠷᠢᠵᠤ᠂ ᠠᠯᠬᠤᠮ ᠪᠦᠷᠢ ᠶᠢ ᠨᠠᠷᠢᠨ ᠬᠢᠨᠠᠮᠠᠭᠠᠶ ᠭᠦᠢᠴᠡᠣᠡᠭᠡᠨ᠂ ᠰᠢᠨ᠎ᠡ ᠪᠠᠷ ᠰᠠᠭᠤᠯᠭᠠᠭᠰᠠᠨ ᠴᠢᠬᠢ ᠮᠣᠳᠣᠨ ᠤ | ᠢᠳᠡᠷᠡᠭᠦᠨ ᠪᠤᠶᠢᠵᠢᠯᠲᠠ ᠳᠤ ᠦᠨᠡᠨ ᠬᠦ ᠪᠠᠲᠤᠯᠠᠭ᠎ᠠ ᠥᠭᠪᠡ᠃ ᠳᠠᠶᠠᠭᠠᠷ ᠣᠯᠠᠨ ᠤ ᠰᠡᠳᠬᠢᠯ ᠨᠢᠭᠡᠲᠡᠶ ᠬᠦᠴᠦ | ᠬᠥᠳᠡᠯᠮᠦᠷᠢ ᠶᠢᠨ ᠳᠤᠤᠷ᠎ᠠ᠂ 200 ᠮᠦ ᠭᠠᠵᠠᠷ ᠤᠨ ᠣᠶᠢᠵᠢᠭᠤᠯᠤᠯᠲᠠ ᠶᠢ ᠪᠡᠶᠡᠯᠡᠭᠦᠯᠵᠦ᠂ 10000 ᠰᠠᠭᠤᠷᠢ | ᠠᠯᠳᠠᠭᠠᠨ᠎ᠠ᠂ 5000 ᠰᠠᠭᠤᠷᠢ ᠬᠠᠶᠢᠯᠠᠰᠤᠨ ᠮᠣᠳᠣ ᠲᠠᠷᠢᠵᠤ᠂ ᠦᠨᠳᠦᠰᠦᠲᠡᠨ ᠤ ᠪᠦᠯᠬᠦᠮᠳᠡᠯ ᠤᠨ ᠪᠡᠯᠭᠡᠳᠡᠯ | ᠪᠦᠬᠦᠢ ︽ᠰᠡᠳᠬᠢᠯ ᠨᠢᠭᠡᠲᠡᠶ ᠮᠣᠳᠣᠳ︾ ᠢ ᠰᠠᠶᠢᠬᠠᠨᠲᠠᠯ᠎ᠠ ᠰᠤᠮᠤᠨ ᠳᠤ ︽ᠨᠤᠲᠤᠭᠰᠢᠭᠤᠯᠵᠤ︾᠂ ᠤᠷᠢᠬᠠᠨ | ᠬᠠᠪᠤᠷ ᠤᠨ ᠠᠮᠢᠵᠢᠷᠠᠯ ᠢ ᠪᠢᠯᠬᠠᠭᠤᠯᠪᠠ᠃ | | | | | | ᠲᠤᠰ ᠤᠳᠠᠭᠠᠨ ᠤ ᠮᠣᠳᠣ ᠲᠠᠷᠢᠬᠤ ᠠᠵᠢᠯᠯᠠᠭ᠎ᠠ ᠪᠠᠷ ᠳᠠᠮᠵᠢᠨ᠂ ᠦᠨᠳᠦᠰᠦᠲᠡᠨ ᠨᠦᠭᠦᠳ ᠤᠨ ᠨᠠᠮ ᠤᠨ | ᠭᠡᠰᠢᠭᠦᠨ ᠺᠠᠳ᠋ᠷ ᠣᠯᠠᠨ ᠲᠦᠮᠡᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠠᠯᠠᠮᠵᠢᠯᠠᠬᠤ᠂ ᠳᠡᠮᠵᠢᠬᠦ | ᠪᠠ ᠣᠷᠣᠯᠴᠠᠬᠤ ᠤᠬᠠᠮᠰᠠᠷ ᠢ ᠴᠢᠩᠭᠠᠳᠬᠠᠭᠰᠠᠨ ᠢᠶᠠᠷ ᠪᠠᠷᠠᠬᠤ ᠥᠬᠡᠶ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠢ ᠪᠣᠬᠢᠷᠲᠤᠯ ᠥᠬᠡᠶ︾ ᠶᠢᠨ ᠰᠠᠬᠢᠨ ᠬᠠᠮᠠᠭᠠᠯᠠᠭᠴᠢ᠂ | ᠦᠨᠳᠦᠰᠦᠲᠡᠨ ᠤ ᠪᠦᠯᠬᠦᠮᠳᠡᠯ ᠤᠨ ᠦᠢᠯᠡᠳᠣᠯᠭᠡᠵᠢᠭᠦᠯᠤᠭ᠍ᠴᠢ ᠪᠣᠯᠬᠤ ᠪᠠᠷ ᠴᠢᠷᠮᠠᠶᠢᠨ ᠠᠵᠢᠯᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠣᠯᠠᠨ ᠤ | ᠰᠡᠳᠬᠢᠯ ᠳᠤ ᠦᠨᠳᠦᠰᠦᠯᠡᠭᠦᠯᠦᠨ ᠬᠠᠳᠠᠩᠰᠢᠭᠤᠯᠵᠤ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠠᠷᠤ ᠬᠤᠷᠴᠢᠨ ᠤ | ᠡᠬᠡ ᠭᠠᠵᠠᠷ ᠲᠤ ᠡᠭᠦᠷᠢᠳᠡ ᠴᠡᠴᠡᠭᠯᠡᠭᠦᠯᠦᠨ ᠳᠡᠯᠭᠡᠷᠡᠭᠦᠯᠪᠡ᠃ ︵ᠰᠠᠶᠢᠬᠠᠡᠬᠤᠸᠠᠷ᠂ ᠤᠷᠭᠤᠮᠠᠯ︶ | | | | |