ᠠᠷᠤ ᠬᠤᠷᠴᠢᠨ ᠬᠤᠰᠢᠭᠤ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠪᠦᠬᠦ ᠬᠦᠴᠦᠨ ᠢᠶᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2025/4/23
       ᠵᠢᠯ ᠤᠨ ᠠᠵᠢᠯ ᠬᠠᠪᠤᠷ ᠲᠠᠭᠠᠨ ᠭᠡᠳᠡᠭᠴᠢᠯᠡᠨ ᠣᠳᠣ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠢᠬᠦ ᠢᠲᠡ ᠬᠥᠭ ᠲᠤ ᠪᠠᠨ ᠪᠠᠶᠢᠨ᠎ᠠ᠃ ᠣᠶᠢᠷ᠎ᠠ ᠶᠢᠨ ᠡᠳᠦᠷ ᠤᠳ ᠲᠤ᠂ ᠠᠷᠤ ᠬᠤᠷᠴᠢᠨ ᠬᠤᠰᠢᠭᠤᠨ ᠤ ᠬᠢᠨ ᠰᠠᠶᠢᠬᠠᠨ ᠴᠠᠭ ᠠᠭᠤᠷ ᠢ ᠠᠮᠵᠢᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠣᠡᠪᠣᠷᠢᠯᠡᠯ ᠳᠤ ᠬᠦᠴᠦᠨ ᠨᠡᠮᠡᠷᠢᠯᠡᠵᠦ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠳᠤ ᠪᠥᠬᠦ ᠬᠦᠴᠦᠨ ᠢᠶᠠᠷ ᠢᠶᠠᠨ ᠪᠠᠲᠤ ᠰᠠᠭᠤᠷᠢ ᠲᠠᠯᠪᠢᠵᠤ ᠥᠭᠭᠦᠭᠰᠡᠨ ᠶᠤᠮ᠃
       ᠡᠨᠡ ᠬᠡᠳᠦᠨ ᠡᠳᠦᠷ᠂ ᠲᠢᠶᠠᠨᠱᠠᠨᠺᠸᠦ ᠪᠠᠯᠭᠠᠰᠤᠨ ᠤ ᠪᠠ ᠵᠢᠶᠠ ᠲᠣᠰᠬᠤᠨ ᠤ ᠱᠢ ᠵᠢᠶᠠ ᠳ᠋ᠤᠸᠠᠨ ᠳᠤᠭᠤᠶᠢᠯᠠᠩ᠂ ᠱᠦᠶ ᠴᠢᠤᠸᠠᠨ ᠭᠸᠦ ᠲᠣᠰᠬᠤᠨ᠂ ᠰᠢᠶᠠᠨ ᠹᠧᠩ ᠰᠢᠶᠠᠩ ᠤᠨ ᠭᠤᠸᠠᠩ ᠢ ᠲᠣᠰᠬᠤᠨ᠂ ᠤᠯᠠᠭᠠᠨᠬᠠᠳᠠ ᠰᠢᠶᠠᠩ ᠤᠨ ᠯᠢᠶᠠᠨ ᠾᠧ ᠵᠤᠸᠠᠩ ᠲᠣᠰᠬᠤᠨ ᠤ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠲᠣᠮᠣ ᠬᠡᠯᠪᠡᠷᠢ ᠶᠢᠨ ᠮᠠᠰᠢᠨ ᠮᠧᠬᠠᠨᠢᠭ ᠶᠠᠭ ᠪᠥᠬᠦ ᠬᠦᠴᠦ ᠪᠠᠷ ᠢᠶᠠᠨ ᠲᠠᠷᠢᠶᠠᠨ ᠭᠠᠵᠠᠷ ᠲᠡᠭᠰᠢᠯᠡᠬᠦ᠂ ᠭᠤᠤ ᠮᠠᠯᠲᠠᠵᠤ ᠬᠤᠭᠤᠯᠠᠶ ᠶᠢᠨ ᠰᠢᠰᠲ᠋ᠧᠮ ᠤᠭᠰᠠᠷᠠᠬᠤ᠂ ᠵᠠᠮ ᠵᠠᠰᠠᠬᠤ ᠵᠡᠷᠭᠡ ᠠᠵᠢᠯ ᠳᠤ ᠶᠠᠭᠠᠷᠠᠯᠳᠤᠨ᠎ᠠ᠃
       2025 ᠣᠨ ᠳᠤ ᠠᠷᠤ ᠬᠤᠷᠴᠢᠨ ᠬᠤᠰᠢᠭᠤ 3 ᠲᠦᠮᠡᠨ ᠮᠦ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠲᠥᠯᠥᠪᠵᠢᠭᠦᠯᠦᠨ ᠪᠠᠶᠢᠭᠤᠯᠵᠤ ᠨᠡᠶᠢᠲᠡ 7879.6 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠪᠠᠶᠢᠨ᠎ᠠ᠃ ᠲᠤᠰ ᠲᠥᠷᠥᠯ ᠵᠦᠢᠯ ᠨᠢ ᠲᠢᠶᠠᠨᠱᠠᠨᠺᠸᠦ ᠪᠠᠯᠭᠠᠰᠤ ᠶᠢᠨ ᠪᠠ ᠵᠢᠶᠠ ᠲᠣᠰᠬᠤᠨ ᠤ ᠱᠢ ᠵᠢᠶᠠ ᠳ᠋ᠤᠸᠠᠨ ᠳᠤᠭᠤᠶᠢᠯᠠᠩ᠂ ᠱᠦᠶ ᠴᠢᠤᠸᠠᠨ ᠭᠸᠦ ᠲᠣᠰᠬᠤᠨ᠂ ᠰᠢᠶᠠᠨ ᠹᠧᠩ ᠰᠢᠶᠠᠩ ᠤᠨ ᠭᠤᠸᠠᠩ ᠢ ᠲᠣᠰᠬᠤᠨ︔ ᠤᠯᠠᠭᠠᠨᠬᠠᠳᠠ ᠰᠢᠶᠠᠩ ᠤᠨ ᠯᠢᠶᠠᠨ ᠾᠧ ᠵᠤᠸᠠᠩ ᠲᠣᠰᠬᠤᠨ᠂  ᠰᠢ  ᠹᠦ᠋  ᠱᠠᠨ  ᠲᠣᠰᠬᠤᠨ  ︔ ᠪᠠᠯᠴᠢᠷᠤᠳ ᠰᠤᠮᠤ ᠶᠢᠨ ᠳᠤᠤᠷ᠎ᠠ ᠰᠢᠨ᠎ᠡ ᠬᠤᠳᠳᠤᠭ ᠭᠠᠴᠠᠭ᠎ᠠ᠂ ᠳᠡᠭᠡᠷ᠎ᠡ ᠰᠢᠨ᠎ᠡ ᠬᠤᠳᠳᠤᠭ ᠭᠠᠴᠠᠭ᠎ᠠ ᠳᠤ ᠬᠤᠯᠪᠣᠭᠳᠠᠨ᠎ᠠ᠃ ᠲᠥᠷᠥᠯ ᠵᠦᠢᠯ ᠤᠨ ᠠᠭᠤᠯᠭ᠎ᠠ ᠨᠢ ᠭᠤᠤᠯᠳᠠᠭᠤ ᠴᠠᠬᠢᠯᠭᠠᠨ ᠬᠦᠴᠦᠨ ᠤ ᠲᠥᠬᠦᠭᠡᠷᠦᠮᠵᠢ᠂ ᠭᠠᠵᠠᠷ ᠰᠢᠷᠣᠶ ᠶᠢ ᠲᠡᠭᠰᠢᠯᠡᠬᠦ᠂ ᠲᠠᠷᠢᠶᠠᠨ ᠭᠠᠵᠠᠷ ᠤᠨ ᠬᠤᠭᠤᠷᠣᠨᠳᠣᠬᠢ ᠵᠠᠮ᠂ ᠤᠢ ᠮᠣᠳᠣᠨ ᠤ ᠬᠠᠮᠠᠭᠠᠯᠠᠯᠲᠠ ᠵᠡᠷᠭᠡ ᠪᠠᠭᠲᠠᠨ᠎ᠠ᠃
       ᠣᠶᠢᠯᠠᠭᠠᠭᠰᠠᠨ ᠢᠶᠠᠷ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠣᠷᠳᠣ ᠬᠤᠭᠤᠴᠠᠭᠠᠨ ᠤ ᠲᠤᠷᠰᠢ ᠭᠠᠵᠠᠷ ᠤᠨ ᠭᠠᠳᠠᠷᠭᠤ ᠲᠡᠭᠰᠢ ᠪᠤᠰᠤ᠂ ᠵᠢᠵᠢᠭ ᠰᠠᠵᠢᠭ ᠲᠠᠷᠬᠠᠶ ᠪᠤᠲᠠᠷᠬᠠᠶ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠳᠤᠤᠷ᠎ᠠ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ᠭᠠᠵᠠᠷ ᠰᠢᠷᠣᠶ ᠶᠢ ᠲᠡᠭᠰᠢᠯᠡᠬᠦ  ᠵᠠᠮ ᠵᠠᠰᠠᠬᠤ᠂ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠬᠥᠷᠥᠰᠥ ᠰᠢᠷᠣᠶ ᠶᠢ ᠰᠠᠶᠢᠵᠢᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠬᠡᠰᠡᠭ ᠪᠤᠰᠠᠭ ︽ᠠᠮᠤ ᠪᠤᠳᠠᠭ᠎ᠠ ᠲᠠᠷᠢᠬᠤ ᠭᠠᠵᠠᠷ︾ ᠨᠡᠶᠢᠯᠡᠭᠦᠯᠦᠭᠡᠳ       ︽ᠲᠠᠷᠢᠶᠠᠨ ᠭᠠᠵᠠᠷ ᠢ ᠳᠥᠷᠪᠡᠯᠵᠢᠨ ᠪᠣᠯᠭᠠᠬᠤ᠂ ᠣᠢ ᠰᠢᠭᠤᠶ ᠶᠢ ᠲᠤᠤᠷᠵᠢᠭᠤᠯᠬᠤ᠂ ᠵᠠᠮ ᠢ ᠬᠤᠯᠪᠣᠬᠤ᠂ ᠬᠠᠭᠤᠷᠠᠶ ᠲᠠᠷᠢᠶ᠎ᠠ ᠶᠢ ᠤᠰᠤᠯᠠᠬᠤ᠂  ᠤᠰᠣᠳᠣᠯ ᠢ ᠭᠠᠳᠠᠭᠰᠢᠭᠤᠯᠵᠤ ᠴᠢᠳᠠᠬᠤ︾ ᠰᠠᠶᠢᠨ ᠲᠠᠷᠢᠶᠠᠨ ᠭᠠᠵᠠᠷ ᠪᠣᠯᠭᠠᠵᠤ᠂ ᠭᠠᠵᠠᠷ ᠰᠢᠷᠣᠶ ᠶᠢ ︽ᠬᠡᠰᠡᠭ ᠪᠤᠰᠠᠭ︾ ᠪᠣᠯᠭᠠᠬᠤ᠂ ᠲᠠᠷᠢᠶᠠᠨ ᠭᠠᠵᠠᠷ ᠤᠨ ᠵᠠᠮ ᠨᠡᠪᠲᠡᠷᠡᠯᠭᠡ ᠶᠢᠨ ᠨᠣᠷᠮ᠎ᠠ᠂  ᠮᠧᠬᠠᠨᠢᠭᠵᠢᠭᠤᠯᠤᠯᠲᠠ ᠶᠢᠨ ᠨᠣᠷᠮ᠎ᠠ ᠬᠢᠭᠡᠳ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠳᠤᠤᠷ᠎ᠠ ᠪᠠᠶᠢᠬᠤ ᠵᠡᠷᠭᠡ ᠲᠠᠷᠢᠶᠠᠯᠠᠩ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠬᠦ ᠶᠢᠨ ᠬᠠᠮᠲᠤ ᠭᠠᠵᠠᠷ ᠰᠢᠷᠣᠶ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠬᠦᠯᠬᠦ ᠪᠣᠯᠤᠨ᠎ᠠ᠃ ᠲᠠᠷᠢᠶᠠᠯᠠᠩ ᠤᠨ ᠦᠢᠯᠡᠣᠡᠪᠣᠷᠢᠯᠡᠯ ᠤᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠲᠠᠷᠢᠶᠠᠨ ᠭᠠᠵᠠᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠪᠦᠲᠦᠮᠵᠢᠲᠡᠶ ᠴᠢᠩᠭᠠᠳᠬᠠᠵᠤ ᠠᠮᠤ ᠪᠤᠳᠠᠭᠠᠨ ᠤ ᠦᠢᠯᠡᠣᠡᠪᠣᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠨᠠᠶᠢᠳᠠᠪᠣᠷᠢᠵᠢᠭᠤᠯᠬᠤ ᠶᠢ ᠪᠠᠲᠤᠯᠠᠨ᠎ᠠ᠃ ︵ ᠶᠢᠨ ᠵᠦ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号