ᠥᠷᠭᠡᠨ ᠣᠯᠠᠨ ᠠᠷᠠᠳ ᠲᠦᠮᠡᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠰᠣᠶᠣᠯ ᠤᠨ ᠲᠦᠭᠡᠮᠡᠯᠵᠢᠯᠲᠡ ᠶᠢᠨ ᠠᠭᠤᠰᠤᠯᠴᠠᠨ ᠬᠥᠭᠵᠢᠬᠦ ᠶᠢ | ᠠᠬᠢᠭᠤᠯᠬᠤ ᠶᠢᠨ ᠲᠥᠯᠥᠭᠡ᠂ ᠣᠶᠢᠷ᠎ᠡ ᠶᠢᠨ ᠡᠳᠦᠷ᠂ ᠠᠷᠤ ᠬᠤᠷᠴᠢᠨ ᠬᠤᠰᠢᠭᠤ ︽ᠤᠯᠠᠭᠠᠨᠬᠠᠳᠠ ᠪᠠᠨ | ᠭᠡᠷᠡᠯᠳᠦᠭᠦᠯᠦᠨ ᠬᠥᠭᠵᠢᠭᠦᠯᠵᠦ᠂ ᠠᠯᠬᠤᠮ ᠳᠠᠪᠰᠢᠨ ᠤᠷᠤᠭᠰᠢᠯᠠᠶ᠎ᠠ︾ ᠠᠷᠪᠠᠨ ᠨᠢᠭᠡᠳᠦᠭᠡᠷ ᠬᠤᠭᠤᠴᠠᠭᠠᠨ ᠤ | ᠠᠭᠤᠳᠠᠮ ᠲᠠᠯᠠᠪᠠᠢ ᠶᠢᠨ ᠪᠥᠵᠢᠭ ᠪᠡᠶ᠎ᠡ ᠴᠢᠭᠢᠷᠠᠭᠵᠢᠭᠤᠯᠬᠤ ᠲᠠᠮᠢᠷ ᠵᠢᠴᠢ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠣᠭᠴᠢ ᠶᠢᠨ ᠪᠣᠯᠪᠠᠰᠤᠷᠠᠯ ᠤᠨ ᠠᠩᠭᠢ ᠡᠷᠬᠢᠯᠡᠨ ᠶᠠᠪᠤᠭᠳᠠᠭᠤᠯᠪᠠ᠃ | | | | ᠪᠦᠬᠦ ᠬᠤᠰᠢᠭᠤᠨ ᠤ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠠᠭᠤᠳᠠᠮ ᠲᠠᠯᠠᠪᠠᠢ ᠶᠢᠨ ᠪᠥᠵᠢᠭ ᠤᠨ | ᠪᠠᠭ᠋ᠠᠳᠠᠳ᠂ ᠡᠯ᠎ᠡ ᠠᠷᠠᠳ ᠤᠨ ᠤᠳᠬ᠎ᠠ ᠤᠷᠠᠯᠢᠭ ᠤᠨ ᠪᠦᠯᠬᠦᠮ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠨᠠᠷ | ᠨᠡᠶᠢᠲᠡ 200 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃ ᠪᠣᠯᠪᠠᠰᠤᠷᠠᠯ ᠤᠨ ᠶᠠᠪᠤᠴᠠ ᠳᠤ᠂ | ᠲᠠᠶᠢᠯᠪᠣᠷᠢᠯᠬᠠᠴᠢ ᠪᠠᠭᠰᠢ ᠠᠴᠠ ᠬᠥᠳᠡᠯᠭᠡᠭᠡᠨ ᠢ ᠵᠠᠳᠠᠯᠤᠨ ᠵᠢᠱᠢᠶ᠎ᠡ ᠦᠵᠡᠭᠦᠯᠬᠦ᠂ ᠰᠡᠳᠬᠢᠯᠭᠡᠨ ᠤ ᠢᠯᠡᠳᠬᠡᠯᠲᠡ ᠳᠤ | ᠵᠠᠳᠠᠯᠤᠯᠲᠠ ᠬᠢᠬᠦ ᠵᠡᠷᠭᠡ ᠲᠤᠰᠬᠠᠶ ᠮᠡᠷᠭᠡᠵᠢᠯ ᠤᠨ ᠵᠢᠭᠠᠨ ᠰᠤᠷᠭᠠᠬᠤ ᠠᠷᠭ᠎ᠠ ᠪᠠᠷᠢᠯ ᠢᠶᠠᠷ ᠳᠠᠮᠵᠢᠨ᠂ ᠠᠭᠤᠳᠠᠮ | ᠲᠠᠯᠠᠪᠠᠢ ᠶᠢᠨ ᠪᠥᠵᠢᠭ ᠤᠨ ᠵᠢᠭᠠᠨ ᠰᠤᠷᠭᠠᠯᠲᠠ ᠶᠢᠨ ᠤᠷ᠎ᠠ ᠮᠡᠷᠭᠡᠵᠢᠯ ᠪᠠ ᠵᠢᠭᠠᠨ ᠵᠢᠯᠣᠭᠤᠳᠤᠯᠭ᠎ᠠ ᠶᠢᠨ ᠠᠷᠭ᠎ᠠ | ᠳᠠᠮ ᠢ ᠰᠢᠰᠲ᠋ᠧᠮ ᠲᠠᠢ ᠲᠠᠶᠢᠯᠪᠤᠷᠢᠯᠠᠨ ᠵᠢᠭᠠᠪᠠ᠃ ᠠᠵᠢᠯᠯᠠᠭ᠎ᠠ ᠳᠤ᠂ ᠪᠣᠯᠪᠠᠰᠤᠷᠠᠯ ᠳᠤ ᠣᠷᠣᠯᠴᠠᠭᠰᠠᠳ ᠤᠨ | ᠰᠤᠷᠤᠯᠴᠠᠬᠤ ᠤᠷᠮ᠎ᠠ ᠵᠣᠷᠢᠭ ᠬᠥᠭᠵᠢᠩᠭᠦᠶ ᠪᠠᠶᠢᠵᠤ᠂ ᠬᠥᠳᠡᠯᠭᠡᠭᠡᠨ ᠤ ᠨᠠᠷᠢᠨ ᠵᠦᠢᠯᠡᠰ ᠪᠦᠷᠢ ᠶᠢ ᠬᠢᠨᠠᠮᠠᠭᠠᠶ | ᠲᠡᠮᠳᠡᠭᠯᠡᠵᠦ᠂ ᠬᠢᠴᠢᠶᠡᠯᠯᠡᠭᠴᠢ ᠪᠠᠭᠰᠢ ᠲᠠᠢ ᠢᠳᠡᠪᠬᠢᠲᠡᠶ ᠬᠥᠳᠡᠯᠦᠯᠴᠡᠵᠦ᠂ ᠲᠤᠬᠠᠶ ᠶᠢᠨ ᠲᠠᠯᠠᠪᠠᠢ ᠶᠢᠨ | ᠰᠤᠷᠤᠯᠴᠠᠯᠭ᠎ᠠ ᠶᠢᠨ ᠠᠭᠤᠷ ᠠᠮᠢᠰᠬᠤᠯ ᠮᠠᠰᠢ ᠰᠠᠶᠢᠨ ᠪᠠᠶᠢᠯ᠎ᠠ᠃ | | | | ᠬᠤᠶᠠᠷ ᠡᠳᠦᠷ ᠤᠨ ᠬᠤᠭᠤᠴᠠᠭ᠎ᠠ ᠲᠠᠢ ᠬᠠᠮᠲᠤ ᠶᠢᠨ ᠪᠣᠯᠪᠠᠰᠤᠷᠠᠯ ᠢᠶᠠᠷ ᠳᠠᠮᠵᠢᠨ᠂ ᠣᠷᠣᠯᠴᠠᠭᠰᠠᠳ ᠤᠨ | ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠢᠯᠡᠳᠲᠡ ᠳᠡᠭᠡᠭᠰᠢᠯᠡᠯᠲᠡ ᠲᠠᠢ ᠪᠣᠯᠵᠤ᠂ ︽ᠪᠢᠳᠡ ᠭᠤᠤᠯᠯᠠᠭᠴᠢ | ᠬᠦᠴᠦᠨ ᠤ ᠳᠠᠭᠠᠭᠤᠯᠬᠤ ᠦᠢᠯᠡᠳᠦᠯ ᠢᠶᠠᠨ ᠭᠦᠢᠴᠡᠣᠨ ᠪᠠᠳᠠᠷᠠᠭᠤᠯᠵᠤ᠂ ᠰᠣᠷᠣᠭᠰᠠᠨ ᠢᠶᠠᠨ ᠪᠣᠳᠠᠲᠠᠶ ᠳᠤ ᠬᠡᠷᠡᠭᠯᠡᠨ | ᠦᠢᠯᠡᠳᠣᠯᠭᠡᠵᠢᠭᠦᠯᠵᠤ᠂ ᠨᠠᠩ ᠣᠯᠠᠨ ᠬᠥᠮᠦᠰ ᠢ ᠳᠠᠶᠢᠴᠢᠯᠠᠨ ᠰᠢᠨᠵᠢᠯᠡᠬᠦ ᠤᠬᠠᠭᠠᠨᠴᠢ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠳᠤ ᠣᠷᠣᠯᠴᠠᠭᠤᠯᠤᠨ᠎ᠠ︾ ᠭᠡᠵᠦ ᠢᠯᠡᠳᠬᠡᠵᠡᠭᠡᠪᠡ᠃ ᠲᠤᠰ ᠤᠳᠠᠭᠠᠨ ᠤ ᠠᠭᠤᠳᠠᠮ ᠲᠠᠯᠠᠪᠠᠢ ᠶᠢᠨ | ᠪᠥᠵᠢᠭ ᠤᠨ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠯ ᠨᠢ ᠠᠷᠠᠳ ᠲᠤ ᠠᠰᠢᠭ ᠬᠦᠷᠲᠡᠭᠡᠬᠦ ᠰᠣᠶᠣᠯ ᠤᠨ | ᠦᠢᠯᠡᠴᠢᠯᠡᠭᠡ ᠪᠣᠯᠬᠤ ᠪᠠᠷ ᠪᠠᠷᠠᠬᠤ ᠥᠬᠡᠶ ᠨᠠᠩ ᠴᠤ ᠪᠦᠬᠦ ᠠᠷᠠᠳ ᠤᠨ ᠤᠷᠠᠯᠢᠭ ︽ᠲᠦᠭᠡᠮᠡᠯᠵᠢᠭᠦᠯᠬᠦ ᠨᠢᠭᠡ | ᠤᠳᠠᠭᠠᠨ ᠤ ᠠᠮᠢᠳᠤᠯᠢᠭ ᠦᠢᠯᠡᠳᠣᠯᠭᠡ ᠪᠣᠯᠵᠤ᠂ ᠦᠨᠳᠦᠰᠦᠨ ᠱᠠᠳᠣᠨ ᠤ ᠰᠣᠶᠣᠯ ᠤᠨ ᠦᠢᠯᠡᠴᠢᠯᠡᠭᠡᠨ ᠤ | ᠬᠥᠭᠵᠢᠯᠲᠡ ᠶᠢ ᠳᠠᠶᠢᠴᠢᠯᠠᠬᠤ ᠶᠢᠨ ᠬᠠᠮᠲᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠣᠯᠠᠨ ᠳᠡᠰ | ᠳᠠᠪᠬᠤᠷᠭ᠎ᠠ᠂ ᠣᠯᠠᠨ ᠶᠠᠩᠵᠤᠵᠢᠯᠲᠠ ᠶᠢᠨ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ | ᠪᠠᠶᠢᠨ᠎ᠠ᠃ | | |