ᠴᠢᠪᠠᠭ᠎ᠠ ᠪᠠᠯᠭᠠᠰᠤᠨ᠎ᠠ ︽ᠳᠡᠯᠡᠬᠡᠶ ᠶᠢᠨ ᠨᠣᠮ ᠤᠩᠰᠢᠬᠤ ᠡᠳᠦᠷ︾ ᠵᠢᠴᠢ ᠪᠦᠬᠦ ᠠᠷᠠᠳ ᠤᠨ ᠨᠣᠮ ᠤᠩᠰᠢᠯᠭ᠎ᠠ ᠶᠢᠨ ᠠᠵᠢᠯᠯᠠᠭ᠎ᠠ ᠡᠬᠢᠯᠡᠯ᠎ᠡ
ᠨᠡᠶᠢᠲᠡᠯᠡᠭᠰᠡᠨ ᠴᠠᠭ᠄
2025/4/23
       ᠭᠤᠴᠢᠳᠤᠭᠠᠷ ᠤᠳᠠᠭᠠᠨ ᠤ ︽ᠳᠡᠯᠡᠬᠡᠶ ᠶᠢᠨ ᠨᠣᠮ ᠤᠩᠰᠢᠬᠤ ᠡᠳᠦᠷ︾ ᠬᠦᠷᠴᠦ ᠢᠷᠡᠬᠦ ᠲᠠᠰᠢᠷᠠᠮ ᠢᠶᠠᠷ 4 ᠰᠠᠷ᠎ᠠ ᠶᠢᠨ 22 ᠤᠨ ᠡᠳᠦᠷ᠂ ᠠᠷᠤ ᠬᠤᠷᠴᠢᠨ ᠬᠤᠰᠢᠭᠤᠨ ᠤ 2025 ᠣᠨ ᠤ ︽ᠳᠡᠯᠡᠬᠡᠶ ᠶᠢᠨ ᠨᠣᠮ ᠤᠩᠰᠢᠬᠤ ᠡᠳᠦᠷ︾ ᠵᠢᠴᠢ ᠪᠥᠬᠦ ᠠᠷᠠᠳ ᠤᠨ ᠨᠣᠮ ᠤᠩᠰᠢᠯᠭ᠎ᠠ ᠶᠢᠨ ᠠᠵᠢᠯᠯᠠᠭ᠎ᠠ ᠴᠢᠪᠠᠭ᠎ᠠ ᠪᠠᠯᠭᠠᠰᠤᠨ᠎ᠠ ᠡᠬᠢᠯᠡᠯ᠎ᠡ᠃
       ᠠᠵᠢᠯᠯᠠᠭ᠎ᠠ ᠶᠢᠨ ᠠᠬᠤᠶ ᠲᠠᠯᠠᠪᠠᠢ ᠳᠤ᠂ ᠣᠷᠣᠯᠴᠠᠭᠰᠠᠳ ᠭᠠᠷ ᠤᠨ ᠦᠰᠦᠭ ᠢᠶᠠᠨ ᠵᠢᠷᠤᠵᠤ ᠲᠤᠰ ᠤᠳᠠᠭᠠᠨ ᠤ ᠨᠣᠮ ᠤᠩᠰᠢᠯᠭ᠎ᠠ ᠶᠢᠨ ᠠᠶᠠᠯᠠᠯ ᠢᠶᠠᠨ ᠡᠬᠢᠯᠡᠭᠦᠯᠵᠡᠶ᠃ ᠠᠵᠢᠯᠯᠠᠭ᠎ᠠ ᠨᠢ ᠴᠢᠪᠠᠭ᠎ᠠ ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠮᠲᠤ ᠶᠢᠨ ᠢᠷᠠᠭᠤ ᠰᠠᠶᠢᠬᠠᠨ ᠰᠢᠯᠦᠭ ᠤᠶᠠᠩᠭᠠᠯᠠᠯ ᠢᠶᠠᠷ ᠬᠥᠷ ᠬᠥᠭᠵᠢᠶᠡᠨ ᠲᠠᠢ ᠬᠥᠰᠢᠭᠡ ᠪᠠᠨ ᠰᠡᠬᠦᠵᠦ ᠬᠠᠩᠭᠢᠨᠡᠮ᠎ᠠ ᠬᠥᠭᠵᠢᠮ ᠤᠨ ᠠᠶᠠᠰ ᠤᠨ ᠳᠤᠮᠳᠠ ᠡᠯ᠎ᠡ ᠭᠤᠤᠯᠯᠠᠨ ᠡᠷᠬᠢᠯᠡᠭᠰᠡᠨ ᠪᠠᠶᠢᠭᠤᠯᠭ᠎ᠠ ᠶᠢᠨ ᠬᠠᠷᠢᠭᠤᠴᠠᠯᠭᠠᠲᠠᠳ ᠬᠠᠮᠲᠤ ᠪᠠᠷ ︽ᠡᠬᠢᠯᠡᠯᠲᠡ ᠶᠢᠨ ᠳᠠᠷᠤᠪᠴᠢ︾ ᠶᠢ ᠳᠠᠷᠤᠵᠤ᠂ ᠠᠷᠤ ᠬᠤᠷᠴᠢᠨ ᠬᠤᠰᠢᠭᠤᠨ ᠤ ︽ᠳᠡᠯᠡᠬᠡᠶ ᠶᠢᠨ ᠨᠣᠮ ᠤᠩᠰᠢᠬᠤ ᠡᠳᠦᠷ︾ ᠤᠨ ᠰᠢᠷᠢᠰ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠪᠡᠯᠭᠡᠳᠡᠪᠡ᠃
       ᠠᠵᠢᠯᠯᠠᠭ᠎ᠠ ᠳᠤ᠂ ᠴᠢᠪᠠᠭ᠎ᠠ ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠲᠥᠯᠥᠭᠡᠯᠡᠭᠴᠢ ᠪᠥᠬᠦ ᠠᠷᠠᠳ ᠢ ᠢᠯᠡᠭᠦᠬᠡᠨ ᠨᠣᠮ ᠤᠩᠰᠢᠬᠤ ᠶᠢ ᠰᠠᠨᠠᠭᠠᠴᠢᠯᠠᠵᠤ᠂ ︽ᠨᠣᠮ ᠲᠠᠢ ᠬᠠᠨᠢᠯᠠᠵᠤ᠂ ᠨᠣᠮ ᠤᠨ ᠨᠥᠬᠦᠷ ᠪᠤᠯᠵᠠᠭᠠᠶ᠎ᠠ︾ ᠭᠡᠵᠦ ᠤᠷᠢᠶᠠᠯᠠᠭᠰᠠᠨ ᠪᠠ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ 4 ᠪᠠᠭᠰᠢ ᠠᠵᠢᠯᠲᠠᠨ ︽ᠨᠣᠮ ᠤᠩᠰᠢᠭᠴᠢᠳ ᠵᠣᠯ ᠵᠢᠷᠭᠠᠯ ᠲᠠᠢ︾ ᠭᠡᠳᠡᠭ ᠰᠢᠯᠦᠭ ᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠤᠶᠠᠩᠭᠠᠯᠠᠵᠤ ᠬᠥᠮᠦᠰ ᠤᠨ ᠬᠠᠯᠠᠭᠤᠨ ᠬᠦᠷᠢᠶᠡᠯᠡᠯ ᠢ ᠬᠦᠷᠲᠡᠨ᠂ ᠬᠤᠰᠢᠭᠤᠨ ᠤ ᠰᠢᠨᠬᠤᠸᠠ ᠨᠣᠮ ᠤᠨ ᠳᠡᠯᠭᠡᠭᠦᠷ ᠤᠨ ᠲᠥᠯᠥᠭᠡᠯᠡᠭᠴᠢ ᠠᠴᠠ ᠣᠯᠠᠨ ᠲᠦᠮᠡᠨ ᠳᠤ ᠨᠣᠮ ᠤᠨ ᠪᠡᠯᠡᠭ ᠬᠦᠷᠭᠡᠭᠰᠡᠨ ᠪᠠᠶᠢᠨ᠎ᠠ᠃
       ᠨᠣᠮ ᠤᠩᠰᠢᠭᠰᠠᠨ ᠲᠥᠷᠥᠭᠳᠡᠯ ᠢᠶᠠᠨ ᠬᠤᠪᠢᠶᠠᠯᠴᠠᠬᠤ ᠶᠠᠪᠤᠴᠠ ᠳᠤ᠂ ᠡᠯ᠎ᠡ ᠵᠡᠭᠡᠯᠢ ᠭᠤᠳᠤᠮᠵᠢ ᠪᠣᠯᠤᠨ ᠨᠡᠶᠢᠭᠡᠮ ᠲᠣᠭᠤᠷᠢᠭ ᠤᠨ ᠲᠥᠯᠥᠭᠡᠯᠡᠭᠴᠢᠳ ᠬᠠᠮᠲᠤ ᠪᠠᠷ ᠤᠩᠰᠢᠭᠰᠠᠨ ᠨᠣᠮ ᠤᠨ ᠢᠶᠠᠨ ᠲᠣᠭᠤᠷᠢᠨ ᠳᠤ ᠬᠥᠭᠵᠢᠶᠡᠨᠲᠡᠶ ᠶᠠᠷᠢᠯᠴᠠᠵᠤ᠂ ᠢᠳᠡᠪᠬᠢᠲᠡᠶ ᠪᠠᠷ ᠪᠣᠳᠣᠯ ᠲᠥᠷᠥᠭᠳᠡᠯ ᠢᠶᠠᠨ ᠳᠡᠯᠭᠡᠨ᠂ ᠨᠣᠮ ᠪᠢᠴᠢᠭ ᠤᠨ ᠲᠤᠬᠠᠶ ᠨᠠᠩ ᠪᠠᠶᠠᠯᠢᠭ᠂ ᠨᠠᠩ ᠭᠦᠨ ᠣᠶᠢᠯᠠᠭᠠᠯᠲᠠ ᠲᠠᠢ ᠪᠣᠯᠵᠠᠶ᠃
       ᠡᠨᠡᠬᠦ ᠠᠵᠢᠯᠯᠠᠭᠠᠨ ᠨᠢ ︽ᠳᠡᠯᠡᠬᠡᠶ ᠶᠢᠨ ᠨᠣᠮ ᠤᠩᠰᠢᠬᠤ ᠡᠳᠦᠷ︾ ᠢ ᠤᠭᠲᠤᠨ ᠪᠡᠯᠭᠡᠯᠡᠭᠰᠡᠨ ᠢᠶᠠᠷ ᠪᠠᠷᠠᠬᠤ ᠦᠭᠡᠢ ᠨᠠᠩ ᠴᠤ ᠠᠷᠤ ᠬᠤᠷᠴᠢᠨ ᠬᠤᠰᠢᠭᠤᠨ ᠤ ᠰᠣᠶᠣᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠳᠤ ᠲᠦᠯᠬᠢᠴᠢ ᠬᠦᠴᠦᠨ ᠪᠣᠯᠵᠤ᠂ ᠨᠣᠮ ᠤᠩᠰᠢᠬᠤ ᠪᠠᠷ ᠬᠤᠯᠪᠣᠭᠠᠰᠤ ᠪᠣᠯᠭᠠᠨ᠂ ᠤᠮᠠᠷᠠᠲᠤ ᠬᠢᠯᠢ ᠶᠢᠨ ᠰᠣᠶᠣᠯ ᠤᠨ ᠦᠨᠳᠦᠰᠦ ᠰᠤᠷᠪᠤᠯᠵᠢ ᠶᠢ ᠤᠯᠠᠮᠵᠢᠯᠠᠨ ᠵᠠᠯᠭᠠᠮᠵᠢᠯᠠᠵᠤ᠂ ᠣᠶᠤᠨ ᠰᠠᠨᠠᠭᠠᠨ ᠤ ᠬᠦᠴᠦᠨ ᠴᠢᠳᠠᠯ ᠢᠶᠠᠨ ᠨᠢᠭᠲᠠᠷᠠᠭᠤᠯᠤᠨ᠂ ᠨᠣᠮ ᠤᠩᠰᠢᠬᠤ  ᠰᠠᠶᠢᠨ ᠰᠠᠶᠢᠬᠠᠨ ᠳᠠᠳᠬᠠᠯ ᠢ ᠪᠣᠢ ᠪᠣᠯᠭᠠᠬᠤ ᠳᠤ ᠰᠠᠭᠤᠷᠢ ᠶᠢᠨ ᠴᠢᠨᠠᠷᠲᠠᠶ ᠦᠢᠯᠡᠳᠦᠯ ᠦᠵᠡᠭᠦᠯᠬᠦ ᠪᠣᠯᠤᠨ᠎ᠠ᠃ ᠰᠣᠷᠪᠣᠯᠵᠢᠯᠬᠠᠴᠢ᠄ ᠨᠠᠳᠮᠢᠳᠰᠠᠷᠡᠩ᠂ ᠴᠡᠯᠮᠡᠭ᠂ ᠦᠢᠯᠡᠰ ︵ᠳᠠᠳᠤᠯᠭ᠎ᠠ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号