4 ᠰᠠᠷ᠎ᠠ ᠶᠢᠨ 22 ᠤᠨ ᠡᠳᠦᠷ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠨᠡᠶᠢᠭᠡᠮ ᠤᠨ | ᠠᠵᠢᠯ ᠤᠨ ᠬᠡᠯᠲᠡᠰ ᠵᠢᠭᠠᠰᠤᠲᠠᠶ ᠪᠠᠯᠭᠠᠰᠤ ᠶᠢᠨ ᠵᠠᠰᠠᠭ ᠤᠨ ᠣᠷᠳᠣᠨ ᠲᠠᠢ ᠬᠤᠯᠪᠣᠭᠠᠯᠠᠨ ︽ᠴᠢᠩ ᠦᠨᠡᠨᠴᠢ ᠪᠠᠷ | ᠬᠠᠪᠰᠤᠷᠴᠤ᠂ ᠡᠯᠡᠰᠦ ᠮᠠᠩᠬ᠎ᠠ ᠶᠢ ᠨᠣᠭᠤᠭᠠᠷᠠᠭᠤᠯᠤᠶᠠ︾ ᠭᠡᠬᠦ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠳᠤ ᠬᠦᠴᠦᠨ ᠨᠡᠮᠡᠷᠢᠯᠡᠬᠦ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠦᠨ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠡᠯᠡᠰᠦᠷᠬᠡᠭ | ᠭᠠᠵᠠᠷ ᠤᠨ ᠵᠠᠰᠠᠯᠲᠠ ᠶᠢ ᠬᠠᠮᠲᠤ ᠪᠠᠷ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠬᠡᠮᠳᠦᠭ ᠨᠣᠭᠤᠭᠠᠨ | ᠠᠭᠤᠯᠠ ᠤᠰᠤ ᠶᠢ ᠰᠠᠬᠢᠨ ᠬᠠᠮᠠᠭᠠᠯᠠᠬᠤ ᠶᠢ ᠵᠣᠷᠢᠪᠠ᠃ | | | | | | ᠲᠤᠬᠠᠶ ᠶᠢᠨ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠡᠪᠯᠡᠯ ᠤᠨ ᠬᠤᠷᠢᠶ᠎ᠠ᠂ | ᠬᠤᠰᠢᠭᠤᠨ ᠠᠵᠢᠯᠴᠢᠨ ᠤ ᠶᠡᠷᠦᠩᠬᠡᠶ ᠡᠪᠯᠡᠯ᠂ ᠬᠤᠰᠢᠭᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠣ ᠮᠥᠷᠡᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠡᠯ᠎ᠡ ᠰᠠᠯᠠᠭ᠎ᠠ ᠮᠥᠴᠢᠷ ᠵᠢᠴᠢ ᠬᠠᠶᠢᠷ᠎ᠠ ᠬᠠᠯᠠᠮᠵᠢᠲᠤ ᠭᠡᠷ | ᠣᠷᠣᠨ ᠤ ᠰᠠᠶᠢᠨ ᠳᠤᠷᠠᠴᠤᠳ ᠤᠨ ᠨᠡᠶᠢᠭᠡᠮᠯᠢᠭ᠂ ᠱᠠᠨ ᠳ᠋ᠢᠶᠠᠨ ᠠᠪᠤᠷᠠᠨ ᠲᠤᠰᠠᠯᠠᠬᠤ ᠠᠩᠭᠢ ᠶᠢᠨ ᠵᠠᠭᠤ ᠭᠠᠷᠤᠶ | ᠨᠠᠮ ᠤᠨ ᠭᠡᠰᠢᠭᠦᠨ ᠺᠠᠳ᠋ᠷ ᠠᠵᠢᠯᠲᠠᠨ ᠪᠣᠯᠤᠨ ᠰᠠᠶᠢᠨ ᠳᠤᠷᠠᠴᠤᠳ ᠵᠢᠭᠠᠰᠤᠲᠠᠶ ᠪᠠᠯᠭᠠᠰᠤ ᠶᠢᠨ ᠪᠣᠯᠵᠤᠭ᠎ᠠ | ᠭᠠᠴᠠᠭᠠᠨ ᠳᠤ ᠬᠦᠷᠴᠦ᠂ ᠡᠯᠡᠰᠦ ᠶᠢ ᠵᠠᠰᠠᠬᠤ ᠠᠵᠢᠯ ᠳᠤ ᠣᠷᠣᠯᠴᠠᠵᠠᠶ᠃ | | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠰᠠᠶᠢᠨ ᠳᠤᠷᠠᠴᠤᠳ ᠠᠴᠠ ᠡᠯᠡᠰᠦ ᠶᠢ ᠵᠠᠰᠠᠬᠤ | ᠮᠡᠷᠭᠡᠵᠢᠯᠲᠡᠨ ᠤ ᠵᠢᠯᠣᠭᠤᠳᠤᠯᠭ᠎ᠠ ᠳᠤᠤᠷ᠎ᠠ ᠡᠪᠡᠰᠦ ᠲᠠᠷᠢᠬᠤ ᠳᠥᠷᠪᠡᠯᠵᠢᠨ ᠬᠦᠷᠢᠶ᠎ᠡ ᠲᠠᠲᠠᠵᠤ᠂ ᠠᠵᠢᠯ ᠤᠨ | ᠬᠤᠪᠢᠶᠠᠷᠢᠯᠠᠯ ᠲᠣᠳᠣᠷᠬᠠᠶ ᠪᠠᠶᠢᠵᠤ᠂ ᠱᠤᠭᠤᠮ ᠲᠠᠲᠠᠵᠤ ᠭᠤᠤ ᠭᠠᠷᠭᠠᠵᠤ ᠠᠵᠢᠯ ᠢ ᠡᠮᠬᠢ ᠲᠠᠷᠠᠭ᠎ᠠ ᠲᠠᠢ ᠬᠢᠵᠦ᠂ | ᠡᠯᠡᠰᠦᠷᠬᠡᠭ ᠭᠠᠵᠠᠷ ᠲᠤ ᠡᠪᠡᠰᠦ ᠲᠠᠷᠢᠵᠤ ᠨᠡᠭᠦᠳᠡᠯ ᠡᠯᠡᠰᠦ ᠶᠢ ᠪᠦᠲᠦᠮᠵᠢᠲᠡᠶ ᠲᠣᠭᠲᠠᠪᠤᠷᠢᠵᠢᠭᠤᠯᠤᠨ᠎ᠠ᠃ ᠳᠠᠷᠠᠭ᠎ᠠ | ᠨᠢ ᠠᠯᠳᠠᠭᠠᠨ᠎ᠠ ᠶᠢᠨ ᠴᠢᠬᠢ ᠶᠢ ᠪᠣᠯᠭᠤᠮᠵᠢᠲᠠᠶ ᠪᠠᠷ ᠡᠯᠡᠰᠦᠷᠬᠡᠭ ᠭᠠᠵᠠᠷ ᠲᠤ ᠰᠠᠭᠤᠯᠭᠠᠨ ᠲᠠᠷᠢᠵᠤ᠂ | ᠨᠣᠭᠤᠭᠠᠷᠠᠭᠤᠯᠤᠯᠲᠠ ᠶᠢᠨ ᠠᠵᠢᠯ ᠤᠨ ᠠᠯᠢ ᠭᠤᠭᠴᠤᠭ᠎ᠠ ᠶᠢ ᠴᠤ ᠠᠯᠳᠠᠯ ᠥᠬᠡᠶ ᠭᠦᠢᠴᠡᠣᠡᠭᠡᠨ ᠪᠡᠶᠡᠯᠡᠭᠦᠯᠵᠦ᠂ | ᠴᠢᠬᠢ ᠮᠣᠳᠣᠨ ᠤ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠬᠦ ᠪᠠᠷ ᠴᠢᠷᠮᠠᠶᠢᠨ ᠠᠵᠢᠯᠯᠠᠨ᠎ᠠ᠃ | | | | ᠨᠢᠭᠡ ᠡᠳᠦᠷ ᠤᠨ ᠬᠦᠴᠦ ᠬᠥᠳᠡᠯᠮᠦᠷᠢ ᠶᠢᠨ ᠳ᠋ᠦᠩ ᠳᠤ ᠨᠡᠶᠢᠲᠡ 3.3 ᠲᠦᠮᠡᠨ ᠲᠡᠭᠰᠢ ᠳᠥᠷᠪᠡᠯᠵᠢᠨ | ᠮᠧᠲᠷ ᠪᠦᠬᠦᠢ ᠡᠯᠡᠰᠦᠷᠬᠡᠭ ᠭᠠᠵᠠᠷ ᠤᠨ ᠨᠣᠭᠤᠭᠠᠷᠠᠭᠤᠯᠤᠯᠲᠠ ᠶᠢ ᠪᠡᠶᠡᠯᠡᠭᠦᠯᠵᠦ 8300 ᠭᠠᠷᠤᠶ ᠰᠠᠭᠤᠷᠢ | ᠠᠯᠳᠠᠭᠠᠨ᠎ᠠ ᠲᠠᠷᠢᠵᠤ᠂ ᠡᠯᠡᠰᠦᠷᠬᠡᠭ ᠭᠠᠵᠠᠷ ᠲᠤ ᠰᠠᠯᠬᠢ ᠶᠢ ᠰᠡᠷᠭᠡᠶᠢᠯᠡᠨ ᠡᠯᠡᠰᠦ ᠶᠢ ᠲᠣᠭᠲᠠᠪᠤᠷᠢᠵᠢᠭᠤᠯᠬᠤ | ︽ᠬᠤᠶᠠᠭ︾ ᠨᠥᠮᠥᠷᠭᠡᠪᠡ᠃ | | | | ᠲᠤᠰ ᠤᠳᠠᠭᠠᠨ ᠤ ᠰᠠᠶᠢᠨ ᠳᠤᠷ᠎ᠠ ᠶᠢᠨ ᠠᠵᠢᠯᠯᠠᠭ᠎ᠠ ᠨᠢ ᠠᠷᠤ ᠬᠤᠷᠴᠢᠨ ᠬᠤᠰᠢᠭᠤᠨ ᠤ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠡᠯᠡᠰᠦᠷᠬᠡᠭ ᠭᠠᠵᠠᠷ ᠢ ᠰᠥᠨᠥᠭᠡᠬᠦ ᠲᠠᠶᠢᠯᠠᠯᠳᠤᠭᠠᠨ ᠤ | ᠠᠵᠢᠯ ᠤᠨ ᠠᠬᠢᠯᠲᠠ ᠶᠢᠨ ᠨᠢᠭᠡᠨ ᠠᠮᠢᠳᠤᠯᠢᠭ ᠬᠤᠷᠢᠶᠠᠩᠭᠤᠶ ᠳᠦᠷᠰᠦ ᠪᠠᠶᠢᠵᠤ ᠪᠦᠬᠦ ᠨᠡᠶᠢᠭᠡᠮ ᠢᠶᠠᠷ ᠢᠶᠠᠨ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯᠯᠠᠭ᠎ᠠ ᠳᠤ ᠣᠷᠣᠯᠴᠠᠬᠤ ᠬᠦᠴᠦᠷᠬᠡᠭ ᠶᠡᠭᠡ ᠬᠠᠮᠲᠤᠷᠠᠯ | ᠬᠦᠴᠦᠨ ᠢ ᠨᠢᠭᠲᠠᠷᠠᠭᠤᠯᠵᠤ᠂ ︽ᠬᠥᠬᠡᠮᠳᠦᠩ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠬᠤ︾ | ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠨᠡᠮᠡᠷᠢᠯᠡᠪᠡ᠃ ︵ᠯᠢ ᠬᠤᠸᠠᠨ | ᠢᠦᠶ᠂ ᠯᠢᠦ ᠰᠢᠨ ᠲᠢᠩ︶ | | | | |