4 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠤᠰᠢᠭᠤᠨ ᠳᠠᠷᠤᠭ᠎ᠠ ᠴᠧᠨ ᠬᠤ᠋ ᠨᠠᠨ | ᠬᠤᠰᠢᠭᠤᠨ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ 2025 ᠣᠨ ᠤ ᠳᠥᠷᠪᠡᠳᠦᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ | ᠬᠤᠷᠠᠯᠳᠤᠭᠤᠯᠵᠤ᠂ ᠬᠤᠷᠠᠯ ᠠᠴᠠ 3 ᠰᠠᠷ᠎ᠠ ᠶᠢᠨ 31 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠡᠨ ᠵᠤᠷᠪᠤᠰ | ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ | ᠵᠢᠱᠢᠶ᠎ᠡ ᠶᠢ ᠵᠠᠷᠯᠠᠨ ᠮᠡᠳᠡᠭᠳᠡᠵᠦ᠂ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ᠬᠥᠮᠦᠵᠢᠯ ᠤᠨ ᠪᠠᠶᠢᠴᠠᠭᠠᠨ ᠳᠡᠯᠭᠡᠭᠰᠡᠨ ᠠᠰᠠᠭᠤᠳᠠᠯ ᠤᠨ ᠨᠠᠷᠢᠨ | ᠬᠠᠭᠤᠳᠠᠰᠤ ᠶᠢ ᠬᠢᠨᠠᠨ ᠵᠥᠪᠯᠡᠵᠦ ᠪᠠᠲᠤᠯᠠᠪᠠ᠃ | | | | ᠬᠤᠷᠠᠯ ᠠᠴᠠ ᠵᠢᠭᠠᠬᠤ ᠳᠠᠭᠠᠨ᠂ ᠲᠥᠪ ᠤᠨ ᠨᠠᠢᠮᠡᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠭᠤᠤᠯ ᠰᠡᠳᠦᠪᠲᠦ ᠬᠥᠮᠦᠵᠢᠯ ᠪᠣᠯᠤᠨ | ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ | ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠯ᠎ᠡ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤᠨ ᠳᠡᠳ᠋ ᠳᠠᠷᠤᠭ᠎ᠠ ᠲᠥᠪ ᠤᠨ ᠨᠠᠢᠮᠡᠨ | ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭᠠᠨ ᠤ ᠭᠤᠤᠯ ᠠᠭᠤᠯᠭ᠎ᠠ | ᠦᠢᠯᠡᠳᠣᠯᠭᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ | ᠵᠥᠷᠢᠴᠡᠭᠰᠡᠨ ᠨᠡᠶᠢᠲᠡᠯᠢᠭ ᠬᠡᠷᠡᠭ ᠠᠴᠠ ᠰᠤᠷᠭᠠᠮᠵᠢ ᠠᠪᠴᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ | ᠵᠠᠳᠠᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ ᠰᠤᠷᠤᠯᠴᠠᠬᠤ ᠳᠤ ᠴᠢᠨᠠᠷ ᠴᠢᠨᠰᠠᠭ᠎ᠠ ᠲᠠᠢ᠂ ᠪᠠᠶᠢᠴᠠᠭᠠᠬᠤ ᠳᠤ | ᠡᠷᠴᠢᠮ ᠲᠠᠢ᠂ ᠴᠡᠭᠴᠡᠯᠡᠨ ᠰᠠᠶᠢᠵᠢᠷᠠᠭᠤᠯᠬᠤ ᠳᠤ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ | ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠬᠤᠰᠢᠭᠤᠨ ᠳᠡᠳ᠋ ᠳᠠᠷᠤᠭ᠎ᠠ ︽ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠣᠨ | ᠪᠠᠶᠢᠴᠠᠭᠠᠬᠤ ᠠᠵᠢᠯ ᠤᠨ ᠳᠦᠷᠢᠮ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠣᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠵᠢᠷᠭᠤᠳᠤᠭᠠᠷ ᠬᠤᠭᠤᠴᠠᠭ᠎ᠠ᠂ ᠡᠯᠡᠰᠦᠷᠬᠡᠭ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ | ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠵᠡᠷᠭᠡ ᠠᠮᠢ ᠠᠬᠤᠶ ᠶᠢᠨ ᠢᠨᠵᠧᠨᠧᠷᠢᠩ ᠢ | ᠰᠠᠶᠢᠲᠤᠷ ᠬᠡᠷᠡᠭᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠡᠷᠡᠰ ᠴᠣᠭᠴᠠᠯᠠᠬᠤ ᠬᠡᠷᠡᠭᠲᠡᠶ᠃ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢ ᠴᠢᠨᠠᠭᠰᠢᠳᠠ ᠪᠣᠳᠠᠳᠠᠶᠢᠵᠢᠭᠤᠯᠣᠨ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠡᠯ᠎ᠡ ᠲᠥᠷᠥᠯ ᠤᠨ ᠠᠰᠠᠭᠤᠳᠠᠯ ᠢ ᠪᠦᠬᠦᠨ ᠢ ᠰᠢᠢᠳᠪᠦᠷᠢᠯᠡᠨ᠂ ᠪᠦᠬᠦᠨ ᠢ ᠬᠦᠴᠦᠨ ᠦᠭᠡᠢ | ᠪᠣᠯᠭᠠᠬᠤ ᠶᠢ ᠪᠠᠲᠤᠯᠠᠬᠤ ᠬᠡᠷᠡᠭᠲᠡᠶ᠃ ︽ᠣᠳᠣᠬᠠᠨ ᠳᠤ ᠰᠠᠶᠢᠵᠢᠷᠠᠭᠤᠯᠬᠤ︾ ᠪᠠ ︽ᠤᠷᠳᠣ ᠬᠤᠭᠤᠴᠠᠭ᠎ᠠ ᠪᠠᠷ | ᠪᠠᠶᠢᠭᠤᠯᠬᠤ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠨᠢᠭᠡ ᠠᠰᠠᠭᠤᠳᠠᠯ ᠢ ᠰᠢᠢᠳᠪᠦᠷᠢᠯᠡᠬᠦ᠂ ᠨᠢᠭᠡ | ᠬᠦᠷᠢᠶ᠎ᠡ ᠶᠢ ᠵᠢᠷᠤᠮᠵᠢᠭᠤᠯᠬᠤ᠂ ᠨᠢᠭᠡ ᠢᠵᠢ ᠲᠣᠭᠲᠠᠴᠠ ᠶᠢ ᠪᠦᠷᠢᠨᠰᠢᠭᠦᠯᠬᠦ ᠶᠢ ᠪᠡᠶᠡᠯᠡᠭᠦᠯᠵᠦ᠂ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ | ᠬᠥᠳᠡᠯᠭᠡᠬᠦ ᠬᠦᠴᠦᠨ ᠪᠣᠯᠭᠠᠨ ᠦᠨᠡᠨ ᠬᠦ ᠬᠤᠪᠢᠷᠠᠭᠤᠯᠬᠤ ᠬᠡᠷᠡᠭᠲᠡᠶ ᠭᠡᠪᠡ᠃ | ᠬᠤᠷᠠᠯ ᠠᠴᠠ ᠪᠠᠰᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠶ ᠦᠢᠯᠡᠣᠡᠪᠣᠷᠢᠯᠡᠯ᠂ | ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ | ᠪᠠᠶᠢᠷᠢᠯᠠᠭᠤᠯᠣᠯᠳᠠ ᠬᠢᠵᠦ᠂ ᠪᠤᠰᠤᠳ ᠵᠦᠢᠯᠡᠰ ᠢ ᠰᠤᠳᠤᠯᠪᠠ᠃ | ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠤᠰᠤ ᠬᠤᠰᠢᠭᠤᠨ ᠳᠡᠳ᠋ ᠳᠠᠷᠤᠭ᠎ᠠ ᠬᠤᠷᠠᠯ ᠳᠤ ᠣᠷᠣᠯᠴᠠᠵᠠᠶ᠃ | ︵ᠰᠠᠶᠢᠬᠠᠡᠬᠤᠸᠠᠷ︶ |