ᠵᠠᠮ ᠪᠢᠲᠡᠭᠦᠮᠵᠢᠯᠡᠬᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2025/4/25
       S28 ᠪᠣᠷᠣᠬᠤᠲᠠ ᠠᠴᠠ ᠴᠢᠪᠠᠭ᠎ᠠ ᠬᠦᠷᠬᠦ ᠲᠦᠷᠭᠡᠨ ᠤ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠪᠠᠯ ᠣᠳᠣᠬᠠᠨ ᠳᠤ ᠲᠤᠰ ᠲᠥᠷᠥᠯ ᠵᠦᠢᠯ ᠤᠨ ᠴᠢᠪᠠᠭ᠎ᠠ ᠶᠢᠨ ᠪᠠᠷᠠᠭᠤᠨ ᠳᠠᠬᠢ ᠬᠠᠷᠢᠯᠴᠠᠨ ᠨᠡᠪᠲᠡᠷᠡᠯᠴᠡᠭᠡ ︵G5511 ᠳ᠋ᠠᠪᠠᠨ ᠠᠴᠠ ᠴᠡᠪᠢᠨᠳᠠᠯ᠎ᠠ ᠬᠦᠷᠬᠦ ᠲᠦᠷᠭᠡᠨ ᠤ ᠵᠠᠰᠠᠮᠠᠯ ᠵᠠᠮ ᠯᠤᠭ᠎ᠠ ᠶᠢᠨ ᠠᠭᠤᠯᠵᠠᠷ︶ ᠳᠤ ᠪᠠᠷᠢᠯᠭ᠎ᠠ ᠶᠢᠨ ᠠᠵᠢᠯ ᠬᠢᠬᠦ ᠴᠢᠬᠤᠯᠠᠲᠠᠶ ᠪᠠᠶᠢᠨ᠎ᠠ᠃ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠭᠤᠴᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ 2025 ᠣᠨ ᠤ 4 ᠰᠠᠷ᠎ᠠ ᠶᠢᠨ 24 ᠤ ᠡᠳᠦᠷ ᠠᠴᠠ ᠡᠬᠢᠯᠡᠨ 2025 ᠣᠨ ᠤ 12 ᠰᠠᠷ᠎ᠠ ᠶᠢᠨ 15 ᠤ ᠡᠳᠦᠷ ᠪᠣᠯᠲᠠᠯ᠎ᠠ G5511 ᠳ᠋ᠠᠪᠠᠨ ᠠᠴᠠ ᠴᠠᠪᠢᠨᠲᠠᠯ᠎ᠠ ᠬᠦᠷᠬᠦ ᠲᠦᠷᠭᠡᠨ ᠤ ᠵᠠᠰᠠᠮᠠᠯ ᠵᠠᠮ ᠤᠨ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤ ᠶᠢᠨ ᠬᠢᠯᠢ ᠳᠣᠲᠣᠷᠠᠬᠢ ᠥᠭᠡᠷᠡᠴᠢᠯᠡᠨ ᠰᠢᠨᠡᠳᠬᠡᠭᠰᠡᠨ ᠲᠣᠰᠬᠤᠨ ᠤ  ᠵᠠᠮ  ᠢ  ᠪᠢᠲᠡᠭᠦᠮᠵᠢᠯᠡᠬᠦ  ᠪᠠᠷ  ᠲᠣᠭᠲᠠᠪᠠ  ᠃ ᠡᠬᠢᠯᠡᠯᠲᠡ ᠶᠢᠨ ᠴᠡᠭ ᠢ ᠥᠭᠡᠷᠡᠴᠢᠯᠡᠨ ᠰᠢᠨᠡᠳᠬᠡᠭᠰᠡᠨ ᠲᠣᠰᠬᠤᠨ ᠤ ᠵᠠᠮ ᠪᠣᠯᠤᠨ ᠰᠢᠶᠠᠡᠹᠸᠡᠭ ᠢ ᠬᠤᠯᠪᠣᠬᠤ ᠱᠤᠭᠤᠮ ᠤᠨ ᠠᠭᠤᠯᠵᠠᠷ ᠲᠤ ᠪᠠᠶᠢᠷᠢᠯᠠᠭᠤᠯᠤᠨ᠂ ᠲᠡᠭᠦᠰᠬᠡᠯ ᠤᠨ ᠴᠡᠭ ᠢ ᠥᠭᠡᠷᠡᠴᠢᠯᠡᠨ ᠰᠢᠨᠡᠳᠬᠡᠭᠰᠡᠨ ᠲᠣᠰᠬᠤᠨ ᠤ ᠵᠠᠮ ᠤᠭᠤᠷᠴᠠᠭ ᠤᠨ ᠵᠡᠭᠦᠨ ᠱᠠᠳᠣᠳᠣ ᠬᠥᠭᠦᠷᠭᠡ ᠶᠢᠨ ᠪᠠᠷᠠᠭᠤᠨ ᠲᠠᠯ᠎ᠠ ᠳᠤ ᠪᠠᠶᠢᠷᠢᠯᠠᠭᠤᠯᠵᠤ᠂ ᠪᠢᠲᠡᠭᠦᠮᠵᠢᠯᠡᠭᠰᠡᠨ ᠬᠡᠯᠪᠡᠷᠢ ᠶᠢᠨ ᠪᠠᠷᠢᠯᠭ᠎ᠠ ᠶᠢᠨ ᠠᠵᠢᠯ ᠬᠢᠬᠦ ᠪᠠᠷ ᠪᠣᠢ᠃        ᠪᠣᠳᠠᠲᠠᠶ ᠵᠠᠷᠯᠠᠯ ᠨᠢ ᠳᠠᠷᠠᠭᠠᠬᠢ ᠮᠡᠲᠦ᠄        ᠳᠡᠭᠡᠷᠡᠬᠢ ᠵᠠᠮ ᠤᠨ ᠬᠡᠰᠡᠭ ᠲᠤ ᠪᠦᠬᠦᠨ ᠢ ᠪᠢᠲᠡᠭᠦᠮᠵᠢᠯᠡᠭᠰᠡᠨ ᠬᠡᠯᠪᠡᠷᠢ ᠪᠠᠷ ᠪᠠᠷᠢᠯᠭ᠎ᠠ ᠬᠢᠵᠦ᠂ ᠠᠯᠢᠪᠠ ᠲᠡᠷᠭᠡ ᠬᠥᠰᠭᠡ ᠪᠣᠯᠤᠨ ᠶᠠᠪᠠᠭᠠᠨ ᠬᠥᠮᠦᠨ ᠤ ᠲᠤᠰ ᠣᠷᠣᠨ ᠤ ᠳᠣᠲᠣᠷ᠎ᠠ ᠨᠡᠪᠲᠡᠷᠡᠬᠦ ᠶᠢ ᠴᠠᠭᠠᠵᠠᠯᠠᠨ᠎ᠠ᠂ ᠨᠠᠭᠠᠰᠢ ᠴᠠᠭᠠᠰᠢ ᠥᠩᠭᠡᠷᠡᠬᠦ ᠲᠡᠷᠭᠡ ᠬᠥᠰᠭᠡ ᠶᠠᠪᠠᠭᠠᠨ ᠬᠥᠮᠦᠨ ᠲᠣᠭᠤᠷᠢᠵᠤ ᠶᠠᠪᠤᠬᠤ ᠲᠡᠮᠳᠡᠭ ᠤᠨ ᠶᠣᠰᠣᠭᠠᠷ ᠤᠯᠤᠰ ᠤᠨ ᠵᠠᠮ ᠤᠨ 303 ᠱᠤᠭᠤᠮ ᠪᠣᠯᠤᠨ ᠯᠦ ᠪᠦᠦ ᠱᠤᠭᠤᠮ ᠢᠶᠠᠷ ᠤᠷᠢᠳᠴᠢᠯᠠᠨ ᠲᠣᠭᠤᠷᠢᠵᠤ ᠶᠠᠪᠤᠭᠠᠷᠠᠶ᠃        ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠵᠠᠮ ᠳᠠᠭᠠᠤ ᠶᠢᠨ ᠰᠠᠭᠤᠭᠠᠯᠢ ᠠᠷᠠᠳ ᠤᠨ ᠦᠢᠯᠡᠣᠡᠪᠣᠷᠢᠯᠡᠯ ᠠᠮᠢᠳᠤᠷᠠᠯ ᠪᠣᠯᠤᠨ ᠶᠠᠪᠤᠵᠤ ᠰᠠᠭᠤᠬᠤ ᠳᠤ ᠳᠥᠭᠦᠮ ᠦᠭᠡᠢ ᠪᠣᠯᠤᠭᠰᠠᠨ ᠳᠤ ᠠᠭᠤᠴᠢᠯᠠᠬᠤ ᠪᠤᠯᠪᠡᠦ᠃                  ᠠᠷᠤ ᠬᠤᠷᠴᠢᠨ ᠬᠤᠰᠢᠭᠤᠨ ᠤ ᠵᠠᠮ ᠬᠠᠷᠢᠯᠴᠠᠭᠠᠨ ᠤ ᠵᠠᠮ ᠲᠡᠭᠡᠭᠡᠪᠦᠷᠢ ᠶᠢᠨ ᠲᠣᠪᠴᠢᠶ᠎ᠠ                ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ                ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                  2025 ᠣᠨ ᠤ 4 ᠰᠠᠷ᠎ᠠ ᠶᠢᠨ 23 ᠤ ᠡᠳᠦᠷ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号