ᠬᠤᠰᠢᠭᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/25
       4 ᠰᠠᠷ᠎ᠠ ᠶᠢᠨ 23 ᠤ ᠡᠳᠦᠷ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠬᠤᠷᠠᠯᠳᠤᠵᠤ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᡁᠢ ᠬᠤᠩ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᡁᠢ ᠶᠦᠩ᠂ ᠬᠤᠰᠢᠭᠤᠨ ᠵᠠᠰᠠᠭ ᠤᠨ ᠣᠷᠳᠣᠨ  ᠤ  ᠳᠡᠳ᠋  ᠳᠠᠷᠤᠭ᠎ᠠ  ᠮᠦ  ᠭᠦᠸᠧ  ᠳ᠋ᠦᠩ᠂ ᠬᠤᠰᠢᠭᠤᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠬᠤᠯᠪᠣᠭᠳᠠᠯ ᠪᠦᠬᠦᠢ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
       ᠬᠤᠷᠠᠯ ᠠᠴᠠ᠂ ︽2025 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠲᠥᠰᠦᠯ︾ ᠵᠢᠴᠢ ᠡᠯ᠎ᠡ ᠠᠵᠢᠯ ᠲᠥᠷᠥᠯ ᠰᠠᠯᠠᠭ᠎ᠠ ᠮᠥᠴᠢᠷ ᠤᠨ ᠲᠤᠰᠬᠠᠶ ᠲᠥᠰᠦᠯ ᠢ ᠰᠤᠳᠤᠯᠤᠨ ᠬᠢᠨᠠᠨ ᠵᠥᠪᠯᠡᠪᠡ᠂ ᠨᠢᠭᠡᠳᠦᠭᠡᠷ ᠤᠯᠠᠷᠢᠯ ᠳᠤ ᠥᠪᠡᠷᠲᠡᠭᠡᠨ ᠵᠠᠰᠠᠬᠤ ᠣᠷᠣᠨ ᠠᠴᠠ ᠥᠷᠲᠡᠭᠡᠨ ᠳᠤ ᠰᠠᠭᠤᠵᠤ ᠵᠢᠭᠠᠨ ᠵᠢᠯᠣᠭᠤᠳᠴᠤ ᠬᠠᠷᠢᠭᠤ ᠲᠤᠰᠬᠠᠭᠰᠠᠨ ᠠᠰᠠᠭᠤᠳᠠᠯ ᠢ ᠨᠢᠭᠡ ᠠᠴᠠ ᠵᠦᠢᠴᠢᠯᠡᠨ ᠭᠤᠷᠪᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠸᠠᠩ ᡁᠢ ᠶᠦᠩ᠂ ᠮᠦ ᠭᠦᠸᠧ ᠳ᠋ᠦᠩ ᠲᠤᠰ ᠲᠤᠰ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        ᠵᠢᠶᠠ ᡁᠢ ᠬᠤᠩ ᠴᠢᠬᠤᠯᠠᠴᠢᠯᠠᠭᠰᠠᠨ ᠨᠢ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠦᠵᠡᠯ ᠰᠠᠨᠠᠭᠠᠨ ᠳᠡᠭᠡᠷ᠎ᠡ ᠪᠠᠨ ᠳᠠᠬᠢᠨᠲᠠ ᠴᠢᠬᠤᠯᠠᠴᠢᠯᠠᠵᠤ᠂ ᠬᠤᠶᠢᠨᠠᠬᠢ ᠦᠨᠡᠯᠡᠨ ᠵᠢᠱᠢᠯᠲᠡ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠣᠨ ᠲᠠᠨᠢᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠵᠢᠯ ᠤᠨ ᠲᠠᠯ᠎ᠠ ᠪᠠᠷ ᠳᠠᠬᠢᠨ ᠬᠦᠴᠦᠯᠡᠵᠦ᠂ ᠡᠯ᠎ᠡ ᠵᠦᠢᠯ ᠤᠨ ᠠᠵᠢᠯ ᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠵᠤ᠂ ᠬᠠᠷᠢᠭᠤᠴᠠᠯᠭ᠎ᠠ ᠶᠢ ᠳᠠᠬᠢᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃ ︵ᠵᠣᠤ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号