4 ᠰᠠᠷ᠎ᠠ ᠶᠢᠨ 23 ᠤ ᠡᠳᠦᠷ᠂ ᠤᠯᠠᠭᠠᠨᠬᠠᠳᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠪᠠᠶ ᠬᠤᠩ ᠪᠥᠸᠧ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠠᠷᠤ ᠬᠤᠷᠴᠢᠨ | ᠬᠤᠰᠢᠭᠤᠨ ᠳᠤ ︽ᠣᠯᠠᠨ ᠡᠰᠢᠲᠦ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠨᠠᠰᠤᠵᠢᠯ ᠤᠨ | ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ︾ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ | ᠬᠢᠪᠡ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ | ᠭᠦᠸᠧ ᠶᠦᠩ ᠮᠢᠩ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠢᠦᠶ ᠸᠧᠶ ᠬᠤᠸᠠ | ᠠᠵᠢᠯᠯᠠᠭ᠎ᠠ ᠳᠤ ᠣᠷᠣᠯᠴᠠᠵᠠᠶ᠃ | | | | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠢ ᠾᠧ ᠺᠠᠩ ᠨᠠᠰᠤᠲᠠᠨ ᠢ ᠠᠰᠠᠷᠠᠬᠤ | ᠬᠦᠷᠢᠶᠡᠯᠡᠩ᠂ ᠴᠢᠶᠣᠣᠮᠠᠶᠢᠳᠠᠯᠠ ᠡᠷᠡᠭᠦᠯ ᠬᠠᠮᠠᠭᠠᠯᠠᠯ ᠤᠨ ᠬᠤᠷᠢᠶ᠎ᠠ᠂ ᠴᠢᠪᠯᠠᠭᠠ ᠪᠠᠯᠭᠠᠰᠤᠨ ᠤ ᠨᠠᠰᠤᠲᠠᠨ ᠢ ᠠᠰᠠᠷᠠᠬᠤ | ᠬᠦᠷᠢᠶᠡᠯᠡᠩ ᠳᠤ ᠭᠦᠡᠵᠡᠭᠡᠶᠢᠷᠡᠵᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠶᠢ | ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠭᠤᠤᠯ ᠴᠣᠭᠴᠠ ᠶᠢᠨ ᠡᠵᠡᠩᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠠᠩᠭᠠᠯᠭ᠎ᠠ᠂ ᠭᠡᠷ ᠲᠡᠭᠡᠨ | ᠰᠠᠭᠤᠬᠤ ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠶᠢ ᠥᠷᠨᠢᠭᠦᠯᠦᠭᠰᠡᠨ ᠪᠠᠶᠢᠳᠡᠯ ᠵᠢᠴᠢ ᠨᠠᠰᠣᠳᠠᠶᠢᠴᠤᠤᠨ ᠤᠨ | ᠡᠷᠡᠭᠦᠯ ᠮᠡᠨᠳᠦ ᠶᠢᠨ ᠪᠠᠲᠤᠯᠠᠭ᠎ᠠ ᠬᠢᠭᠡᠳ ᠠᠮᠢᠳᠤᠷᠠᠯ ᠤᠨ ᠬᠠᠷᠠᠭᠠᠯᠵᠠᠯ ᠵᠡᠷᠭᠡ ᠪᠣᠳᠠᠲᠠᠶ ᠠᠵᠢᠯ ᠤᠨ ᠦᠷ᠎ᠡ ᠪᠦᠲᠦᠮᠵᠢ | ᠶᠢ ᠨᠠᠷᠢᠨ ᠣᠶᠢᠯᠠᠭᠠᠪᠠ᠃ | | | | ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ᠶᠠᠷᠢᠯᠴᠠᠬᠤ ᠬᠤᠷᠠᠯ ᠬᠢᠪᠡ᠃ ᠬᠤᠷᠠᠯ ᠳᠡᠭᠡᠷ᠎ᠡ᠂ ᠭᠦᠸᠧ | ᠶᠦᠩ ᠮᠢᠩ ᠠᠷᠤ ᠬᠤᠷᠴᠢᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢᠨ | ᠪᠠᠶᠢᠳᠡᠯ ᠢ ᠬᠠᠷᠢᠭᠤ ᠮᠡᠳᠡᠭᠦᠯᠪᠡ᠃ ᠪᠠᠶ ᠬᠤᠩ ᠪᠥᠸᠧ ᠠᠷᠤ ᠬᠤᠷᠴᠢᠨ ᠬᠤᠰᠢᠭᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠰ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠭᠦᠢᠴᠡᠣᠨ ᠨᠤᠲᠠᠯᠠᠬᠤ ᠶᠢᠨ ᠬᠠᠮᠲᠤ | ᠴᠢᠬᠤᠯᠠᠴᠢᠯᠠᠬᠤ ᠳᠤ ᠪᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠬᠠᠶ ᠰᠡᠳᠦᠪ ᠢᠶᠠᠷ | ᠵᠥᠪᠳᠡᠯᠴᠡᠨ ᠵᠠᠰᠠᠭ ᠤᠨ ᠶᠠᠪᠤᠳᠠᠯ ᠢ ᠵᠥᠪᠯᠡᠬᠦ ᠨᠢ ᠣᠯᠠᠨ ᠲᠦᠮᠡᠨ ᠤ ᠡᠷᠡᠭᠦᠯ ᠮᠡᠨᠳᠦ ᠠᠵᠠ ᠵᠢᠷᠭᠠᠯ ᠢ | ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠭᠦᠨᠵᠡᠭᠡᠶ ᠲᠠᠨᠢᠬᠤ ᠬᠡᠷᠡᠭᠲᠡᠶ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠰᠤᠵᠢᠯ ᠤᠨ ᠠᠰᠠᠷᠠᠮᠵᠢ ᠶᠢᠨ ᠠᠵᠢᠯ ᠤᠨ ᠳᠤᠮᠳᠠᠬᠢ ᠲᠣᠳᠠᠭᠤᠳᠠᠯ ᠢ | ᠣᠨᠣᠪᠴᠢᠲᠠᠶ ᠪᠠᠶᠢᠴᠠᠭᠠᠨ ᠳᠡᠯᠭᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠳᠤ ᠰᠠᠭᠤᠷᠢ ᠲᠠᠯᠪᠢᠬᠤ ᠬᠡᠷᠡᠭᠲᠡᠶ᠃ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠭᠦᠨᠵᠡᠭᠡᠶᠢᠷᠡᠭᠦᠯᠵᠦ᠂ | ᠠᠰᠠᠭᠤᠳᠠᠯ ᠤᠨ ᠦᠨᠳᠦᠰᠦ ᠰᠤᠷᠪᠤᠯᠵᠢ ᠪᠠ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠵᠦ᠂ ᠪᠣᠳᠠᠲᠠᠶ ᠶᠢ | ᠡᠷᠬᠢᠮᠯᠡᠭᠰᠡᠨ ᠪᠥᠭᠡᠳ ᠶᠠᠪᠤᠭᠳᠠᠭᠤᠰᠢᠲᠠᠶ ᠠᠷᠭᠠᠴᠠᠬᠤ ᠪᠣᠳᠣᠯᠭ᠎ᠠ ᠰᠠᠨᠠᠭᠤᠯᠭ᠎ᠠ ᠳᠤᠷᠠᠳᠴᠤ᠂ ᠨᠠᠰᠤᠵᠢᠯ ᠤᠨ | ᠠᠰᠠᠷᠠᠮᠵᠢ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠪᠡ᠃ | ︵ᠯᠢᠦ ᠰᠢᠨ ᠲᠢᠩ︶ |