4 ᠰᠠᠷ᠎ᠠ ᠶᠢᠨ 23 ᠤ ᠡᠳᠦᠷ᠂ ᠠᠷᠤ ᠬᠤᠷᠴᠢᠨ ᠬᠤᠰᠢᠭᠤᠨ ᠤ ᠬᠢᠨ ᠰᠣᠨᠣᠷ ᠲᠣᠳᠣᠳᠬᠠᠭᠤᠷ | ᠬᠠᠨᠳᠢᠪᠯᠠᠬᠤ ᠶᠣᠰᠣᠯᠠᠯ ᠶᠠᠪᠤᠭᠤᠯᠪᠠ᠃ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠨ ᠨᠠᠮ ᠤᠨ ᠬᠤᠷᠢᠶ᠎ᠠ ᠶᠢᠨ | ᠭᠡᠰᠢᠭᠦᠨ᠂ ᠳᠡᠳ᠋ ᠶᠡᠷᠦᠩᠬᠡᠶ ᠳᠠᠭᠠᠭᠠᠮᠠᠯ ᠵᠠᠯᠭᠠᠨᠪᠠᠶᠠᠷ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠰᠣᠶᠣᠯ ᠤᠨ | ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠬᠥᠮᠦᠵᠢᠯᠲᠦ᠂ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠪᠯᠡᠯ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ | ᠪᠤᠶᠠᠨᠵᠢᠷᠭᠠᠯ᠂ ᠬᠤᠰᠢᠭᠤᠨ ᠨᠠᠮ ᠤᠨ ᠬᠤᠷᠢᠶ᠎ᠡ ᠶᠢᠨ ᠳᠡᠳ᠋ ᠱᠦᠵᠢ᠂ ᠤᠯᠤᠰ ᠲᠦᠷᠥ ᠬᠠᠤᠯᠢ ᠴᠠᠭᠠᠵᠠ ᠶᠢᠨ | ᠬᠤᠷᠢᠶ᠎ᠠ ᠶᠢᠨ ᠱᠦᠵᠢ ᠵᠢᠶᠠ ᡁᠢ ᠬᠤᠩ ᠶᠣᠰᠣᠯᠠᠯ ᠳᠤ ᠣᠷᠣᠯᠴᠠᠵᠠᠶ᠃ | | | | ᠵᠢᠶᠠ ᡁᠢ ᠬᠤᠩ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠥᠪᠥᠷ | ᠮᠣᠩᠭᠤᠯ ᠤᠨ ᠬᠡᠪᠯᠡᠯ ᠤᠨ ᠪᠦᠯᠦᠭᠯᠡᠯ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠰᠣᠶᠣᠯ ᠤᠨ ᠬᠥᠭᠵᠢᠯᠲᠡ ᠶᠢᠨ | ᠰᠠᠭᠤᠷᠢ ᠮᠥᠩᠭᠦᠨ ᠤ ᠨᠡᠶᠢᠭᠡᠮᠯᠢᠭ᠂ ᠸᠧᠶ ᠵᠢᠶ ᠴᠧᠩ ᠲᠢᠶᠠᠨ ᠯᠠᠶ ᠯᠢᠶᠧ ᠴᠧ ᠰᠠᠭᠤᠷᠢ ᠮᠥᠩᠭᠦᠨ ᠤ | ᠨᠡᠶᠢᠭᠡᠮᠯᠢᠭ ᠤᠨ ᠤᠳᠤᠷᠢᠳᠤᠯᠭ᠎ᠠ ᠠᠵᠢᠯᠲᠠᠳ ᠲᠤ ᠬᠠᠮᠤᠭ ᠤᠨ ᠬᠠᠯᠠᠭᠤᠨ ᠤᠭᠲᠤᠯᠭ᠎ᠠ ᠬᠢᠭᠡᠳ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠵᠦ᠂ ᠣᠷᠳᠣ ᠬᠤᠭᠤᠴᠠᠭᠠᠨ ᠤ ᠲᠤᠷᠰᠢ ᠠᠷᠤ ᠬᠤᠷᠴᠢᠨ ᠬᠤᠰᠢᠭᠤᠨ ᠤ | ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠥᠬᠦᠳ ᠵᠢᠴᠢ ᠵᠡᠮᠳᠡᠭ | ᠨᠠᠶᠢᠵᠠ ᠨᠡᠷ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠡᠶ᠃ ᠲᠡᠷᠡ ᠴᠢᠬᠤᠯᠠᠴᠢᠯᠠᠭᠰᠠᠨ ᠨᠢ᠂ ᠡᠨᠡ | ᠤᠳᠠᠭᠠᠨ ᠤ ᠪᠤᠶᠠᠨᠰᠠᠭ ᠠᠵᠢᠯᠯᠠᠭ᠎ᠠ ᠨᠢ ᠰᠣᠨᠣᠷ ᠤᠨ ᠰᠠᠭᠠᠳ ᠲᠠᠢ ᠬᠥᠮᠦᠰ ᠲᠤ ᠲᠠᠬᠢᠨ ᠰᠣᠨᠣᠰᠬᠤ ᠬᠦᠰᠡᠯ | ᠡᠷᠡᠮᠡᠯᠵᠡᠯ ᠣᠯᠭᠤᠭᠰᠠᠨ ᠢᠶᠠᠷ ᠪᠠᠷᠠᠬᠤ ᠦᠭᠡᠢ᠂ ᠨᠠᠩ ᠴᠤ ᠦᠨᠳᠦᠰᠦᠨ ᠱᠠᠲᠤᠨ ᠤ ᠵᠡᠮᠳᠡᠭ ᠣᠯᠠᠨ ᠲᠦᠮᠡᠨ ᠳᠤ | ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠬᠤ ᠪᠠᠨ ᠢᠯᠡᠷᠡᠭᠦᠯᠵᠦ ᠰᠢᠨ᠎ᠡ ᠴᠠᠭ ᠦᠶ᠎ᠡ ᠶᠢᠨ ᠡᠭᠦᠷᠭᠡ | ᠬᠠᠷᠢᠭᠤᠴᠠᠯᠭ᠎ᠠ ᠶᠢ ᠢᠯᠡᠷᠡᠭᠦᠯᠵᠦ᠂ ᠨᠠᠩ ᠣᠯᠠᠨ ᠨᠡᠶᠢᠭᠡᠮ ᠤᠨ ᠬᠦᠴᠦᠨ ᠢ ᠵᠣᠷᠢᠭᠵᠢᠭᠤᠯᠤᠨ ᠵᠡᠮᠳᠡᠭᠴᠦᠳ ᠢ | ᠲᠤᠰᠠᠯᠠᠬᠤ ᠦᠢᠯᠡᠰ ᠲᠤ ᠣᠷᠣᠯᠴᠠᠭᠤᠯᠵᠤ᠂ ᠮᠠᠨ ᠤ ᠬᠤᠰᠢᠭᠤᠨ ᠤ ᠵᠡᠮᠳᠡᠭᠴᠦᠳ ᠤᠨ ᠦᠢᠯᠡᠰ ᠤᠨ ᠴᠢᠨᠠᠷ ᠰᠠᠶᠢᠳᠡᠢ | ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠬᠦ ᠨᠢ ᠯᠠᠪᠲᠠᠶ ᠶᠤᠮ ᠭᠡᠵᠡᠶ᠃ | | | | ᠶᠣᠰᠣᠯᠠᠯ ᠳᠡᠭᠡᠷ᠎ᠡ᠂ ᠵᠢᠶᠠ ᡁᠢ ᠬᠤᠩ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠥᠪᠥᠷ | ᠮᠣᠩᠭᠤᠯ ᠤᠨ ᠰᠢᠨᠵᠢᠯᠡᠬᠦ ᠤᠬᠠᠭᠠᠨ ᠰᠣᠶᠣᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠪᠣᠯᠤᠨ ᠸᠧᠶ | ᠵᠢᠶ ᠴᠧᠩ ᠲᠢᠶᠠᠨ ᠯᠠᠶ ᠯᠢᠶᠧ ᠴᠧ ᠰᠠᠭᠤᠷᠢ ᠮᠥᠩᠭᠦᠨ ᠤ ᠨᠡᠶᠢᠭᠡᠮᠯᠢᠭ ᠲᠤ ᠬᠠᠨᠳᠢᠪ ᠬᠦᠷᠭᠡᠭᠰᠡᠨ ᠦᠨᠡᠮᠯᠡᠯ | ᠣᠯᠭᠤᠵᠤ᠂ ᠵᠡᠮᠳᠡᠭᠴᠦᠳ ᠤᠨ ᠲᠥᠯᠥᠭᠡᠯᠡᠭᠴᠢ ᠬᠠᠨᠳᠢᠪ ᠢ ᠲᠤᠰᠴᠠᠢ᠃ ︵ᠴᠡᠯᠮᠡᠭ︶ | | |