4 ᠰᠠᠷ᠎ᠠ ᠶᠢᠨ 25 ᠤ ᠡᠳᠦᠷ᠂ 2025 ᠣᠨ ᠤ ᠠᠷᠤ ᠬᠤᠷᠴᠢᠨ ᠬᠤᠰᠢᠭᠤᠨ ᠤ ᠵᠠᠯᠠᠭᠤᠴᠤᠳ | ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ︽ᠣᠳᠣᠳ ᠢ ᠳᠠᠪᠲᠠᠨ ᠪᠣᠯᠪᠠᠰᠤᠷᠠᠭᠤᠯᠬᠤ︾ | ᠬᠤᠸᠠᠷᠠᠨ ᠤ ᠰᠣᠩᠭᠤᠨ ᠰᠢᠯᠭᠠᠷᠠᠭᠤᠯᠬᠤ ᠤᠷᠤᠯᠳᠤᠭᠠᠨ ᠵᠢᠴᠢ ᠠᠷᠪᠠᠳᠤᠭᠠᠷ ᠬᠤᠭᠤᠴᠠᠭᠠᠨ ᠤ ᠰᠤᠷᠭᠠᠭᠤᠯᠢ ᠶᠢᠨ | ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠴᠢᠪᠠᠭ᠎ᠠ ᠶᠢᠨ | ᠨᠢᠭᠡᠳᠦᠭᠡᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃ | | | | | | | | ᠡᠬᠢᠯᠡᠯᠲᠡ ᠶᠢᠨ ᠶᠣᠰᠣᠯᠠᠯ ᠨᠢ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠳᠠᠬᠤ ᠶᠢ ᠳᠠᠭᠠᠯᠳᠤᠨ | ᠬᠥᠰᠢᠭᠡ ᠰᠡᠭᠦᠵᠦ᠂ ᠬᠤᠰᠢᠭᠤᠨ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠭᠤᠴᠠᠯᠭᠠᠲᠠᠨ ᠠᠴᠠ ᠤᠷᠤᠯᠳᠤᠭᠠᠨ | ᠡᠬᠢᠯᠡᠭᠰᠡᠨ ᠢ ᠵᠠᠷᠯᠠᠨ᠂ ᠬᠢᠨᠠᠭᠴᠢ ᠶᠢᠨ ᠲᠥᠯᠥᠭᠡᠯᠡᠭᠴᠢ᠂ ᠲᠠᠮᠢᠷᠴᠢᠨ ᠤ ᠲᠥᠯᠥᠭᠡᠯᠡᠭᠴᠢ ᠠᠴᠠ ᠲᠤᠰ ᠲᠤᠰ | ᠤᠷᠤᠯᠳᠤᠭᠠᠨ ᠳᠤ ᠲᠠᠩᠭᠠᠷᠢᠭᠯᠠᠪᠠ᠃ | | | | ᠣᠶᠢᠯᠠᠭᠠᠡᠡᠰᠡᠨ ᠢᠶᠠᠷ᠂ ᠲᠤᠰ ᠤᠳᠠᠭᠠᠨ ᠤ ᠤᠷᠤᠯᠳᠤᠭᠠᠨ ᠨᠢ ᠪᠠᠭ᠎ᠠ ᠰᠤᠷᠭᠠᠭᠤᠯᠢ ᠪᠠ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠭᠡᠬᠦ ᠬᠤᠶᠠᠷ ᠵᠡᠷᠭᠡ ᠳᠡᠰ ᠬᠤᠪᠢᠶᠠᠭᠳᠠᠨ ᠶᠠᠪᠤᠭᠳᠠᠵᠤ ᠪᠦᠬᠦ ᠬᠤᠰᠢᠭᠤᠨ ᠤ | 38 ᠰᠤᠷᠭᠠᠭᠤᠯᠢ ᠶᠢᠨ 65 ᠰᠠᠯᠪᠤᠷᠢ ᠡᠩᠨᠡᠭᠡᠨ ᠤ 700 ᠭᠠᠷᠤᠶ ᠲᠠᠮᠢᠷᠴᠢᠳ ᠤᠷᠤᠯᠳᠤᠭᠠᠨ ᠳᠤ ᠤᠷᠣᠯᠴᠠᠬᠤ ᠪᠠᠷ | ᠪᠠᠶᠢᠵᠤ᠂ ᠨᠡᠶᠢᠲᠡ 4 ᠡᠳᠦᠷ ᠤᠨ ᠬᠤᠭᠤᠴᠠᠭᠠᠨ ᠳᠤ 130 ᠲᠠᠯᠠᠪᠤᠷ ᠤᠳᠠᠭ᠎ᠠ ᠶᠢᠨ ᠤᠷᠤᠯᠳᠤᠭᠠᠨ | ᠶᠠᠪᠤᠭᠳᠠᠭᠤᠯᠤᠨ᠂ ᠲᠤᠰ ᠪᠦᠷᠢ ᠴᠢᠪᠠᠭ᠎ᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠴᠢᠪᠠᠭ᠎ᠠ ᠵᠢᠷᠭᠤᠳᠤᠭᠠᠷ | ᠳᠤᠮᠳᠠᠳᠤ ᠰᠤᠷᠭᠠᠭᠤᠯᠢ᠂ ᠴᠢᠪᠠᠭ᠎ᠠ ᠲᠠᠪᠤᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠭᠤᠯᠬᠤ ᠪᠣᠯᠤᠨ᠎ᠠ᠃ | ︵ᠴᠠᠯᠮᠡᠭ︶ | | |