ᠠᠷᠤ ᠬᠤᠷᠴᠢᠨ ᠬᠤᠰᠢᠭᠤ ︽2025 ᠣᠨ ᠤ ᠪᠦᠬᠦ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/26
       4 ᠰᠠᠷ᠎ᠠ ᠶᠢᠨ 25 ᠤ ᠡᠳᠦᠷ᠂ 25 ᠳᠠᠬᠢ ︽ᠳᠡᠯᠡᠬᠡᠶ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠬᠢᠭᠡᠳ ᠵᠣᠬᠢᠶᠠᠮᠠᠯ ᠣᠶᠤᠨ ᠴᠢᠳᠠᠪᠤᠷᠢ︾ ᠪᠠᠷ ᠭᠤᠤᠯ ᠰᠡᠳᠦᠪ ᠪᠣᠯᠭᠠᠭᠰᠠᠨ ︽2025 ᠣᠨ ᠤ ᠪᠦᠬᠦ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠥᠷᠨᠢᠭᠦᠯᠪᠡ᠃
               ᠠᠵᠢᠯᠯᠠᠭ᠎ᠠ ᠨᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠬᠠᠶ ᠠᠰᠠᠭᠤᠨ ᠯᠠᠪᠯᠠᠬᠤ ᠲᠠᠪᠴᠠᠩ ᠪᠠᠶᠢᠭᠤᠯᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠬᠠᠶ ᠶᠢᠨ ᠲᠠᠯᠠᠪᠤᠷ ᠤᠨ ᠣᠯᠠᠨ ᠲᠦᠮᠡᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠦᠬᠦᠢ ᠮᠡᠳᠡᠯᠭᠡ ᠮᠡᠳᠡᠴᠡ ᠶᠢ ᠤᠬᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠦᠭᠡᠮᠡᠯᠵᠢᠯᠡᠭᠦᠯᠬᠦ ᠶᠢᠨ ᠬᠠᠮᠲᠤ᠂ ᠣᠯᠠᠨ ᠲᠦᠮᠡᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠲᠠᠶ ᠠᠰᠠᠭᠤᠯᠲᠠ ᠳᠤ ᠬᠠᠷᠢᠭᠤᠯᠲᠠ ᠥᠭᠪᠡ᠃
               ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠬᠦ ᠪᠣᠯᠤᠨ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠰᠢᠨ᠎ᠡ ᠠᠷᠭ᠎ᠠ ᠵᠠᠮ ᠢ ᠲᠠᠰᠤᠷᠠᠯᠲᠠ ᠥᠬᠡᠶ ᠰᠦᠪᠡᠭᠴᠢᠯᠡᠵᠦ᠂ ᠠᠷᠤ ᠬᠤᠷᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠳᠡᠢ ᠬᠥᠭᠵᠢᠯᠲᠡ ᠳᠤ ᠬᠦᠴᠦᠨ ᠴᠢᠳᠠᠯ ᠨᠡᠮᠡᠷᠢᠯᠡᠬᠦ ᠪᠣᠯᠤᠨ᠎ᠠ᠃
       ᠣᠶᠢᠯᠠᠭᠠᠡᠡᠰᠡᠨ ᠢᠶᠠᠷ᠂ ᠲᠤᠰ ᠤᠳᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠬᠠᠮᠠᠭᠠᠯᠠᠯᠲᠠ ᠶᠢᠨ ᠶᠠᠷᠢᠯᠴᠠᠬᠤ ᠬᠤᠷᠠᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠲᠤᠰᠬᠠᠶ ᠪᠠᠶᠢᠴᠠᠭᠠᠯᠲᠠ ᠵᠢᠴᠢ ᠮᠡᠳᠡᠯᠭᠡ ᠶᠢᠨ ᠪᠦᠲᠦᠭᠡᠭᠳᠡᠬᠦᠨ ᠤ  ᠥᠮᠴᠢᠯᠡᠬᠦ  ᠡᠷᠬᠡ ᠶᠢ  ᠨᠡᠶᠢᠭᠡᠮ  ᠲᠣᠭᠤᠷᠢᠭ  ᠲᠤ  ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ᠵᠡᠷᠭᠡ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠠᠰᠠᠭᠤᠯᠲᠠ ᠶᠢ ᠬᠠᠷᠢᠭᠤᠯᠤᠨ ᠠᠰᠠᠭᠤᠳᠠᠯ ᠢ ᠰᠢᠢᠳᠪᠦᠷᠢᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠠᠬᠢᠭᠤᠯᠤᠭᠰᠠᠨ ᠪᠠᠶᠢᠨ᠎ᠠ᠃ ︵ᠯᠢᠦ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号