ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠳᠤᠭᠠᠷ ᠬᠤᠷᠠᠯᠳᠤᠭᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/26
       4 ᠰᠠᠷ᠎ᠠ ᠶᠢᠨ 24 ᠤ ᠡᠳᠦᠷ᠂ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠳᠤᠭᠠᠷ ᠬᠤᠷᠠᠯᠳᠤᠭᠠᠨ ᠬᠤᠷᠠᠯᠳᠤᠭᠤᠯᠵᠤ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ  ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠬᠥᠬᠡᠪᠠᠷᠰ᠂ ᠶᠠᠩ ᠾᠦᠢ ᠶᠠᠨ᠂ ᠴᠢᠨ ᠶᠤᠸᠠᠢ ᠭᠦᠸᠧ᠂ ᠵᠠᠩ ᠰᠢᠤᠢ ᠫᠧᠩ ᠵᠢᠴᠢ ᠪᠠᠶᠢᠩᠭᠤ ᠶᠢᠨ ᠬᠤᠷᠢᠶ᠎ᠠ ᠶᠢᠨ 25 ᠨᠡᠷ᠎ᠡ ᠭᠡᠰᠢᠭᠦᠨ ᠬᠤᠷᠠᠯ ᠳᠤ ᠣᠷᠣᠯᠴᠠᠵᠠᠶ᠃
       ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠪᠠᠲᠤᠯᠠᠵᠤ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ︽2024 ᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠡᠯ ᠤᠨ ᠲᠤᠬᠠᠶ ᠮᠡᠳᠡᠭᠦᠯᠦᠯᠲᠡ︾ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠦᠢᠯ ᠤᠨ ᠪᠠᠭ᠎ᠠ  ᠦᠢᠯᠡᠣᠡᠭᠡᠯ ᠪᠠᠭ᠎ᠠ ᠢᠳᠡᠭᠡᠨ ᠤᠮᠳᠠᠭᠠᠨ ᠤ ᠳᠡᠯᠭᠡᠭᠦᠷ ᠪᠠᠭ᠎ᠠ ᠢᠳᠡᠭᠡᠨ ᠤ ᠵᠦᠢᠯ ᠤᠨ ᠪᠠᠷᠠᠭ᠎ᠠ ᠪᠣᠷᠣᠯᠠᠭᠤᠯᠭ᠎ᠠ ᠶᠢᠨ ᠳᠡᠯᠭᠡᠭᠦᠷ ᠪᠠ ᠢᠳᠡᠭᠡᠨ ᠤ ᠵᠦᠢᠯ ᠤᠨ ᠬᠤᠳᠠᠯᠳᠤᠭᠠᠴᠢᠨ ᠤ ᠬᠠᠮᠢᠶᠠᠷᠤᠯᠲᠠ ᠶᠢᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠡᠯ ᠢ ᠬᠢᠨᠠᠨ ᠵᠥᠪᠯᠡᠭᠰᠡᠨ ᠰᠠᠨᠠᠯ﹀ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠡᠯ ᠤᠨ ᠲᠤᠬᠠᠶ ᠮᠡᠳᠡᠭᠦᠯᠦᠯᠲᠡ︾ ︽ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ  ᠪᠠᠶᠢᠳᠡᠯ  ᠤᠨ ᠲᠤᠬᠠᠶ  ᠮᠡᠳᠡᠭᠦᠯᠦᠯᠲᠠ  ︾  ᠶᠢ  ᠰᠣᠨᠣᠰᠤᠨ  ᠬᠢᠨᠠᠨ  ᠵᠥᠪᠯᠡᠵᠦ  ᠬᠤᠰᠢᠭᠤᠨ  ᠠᠷᠠᠳ ᠤᠨ  ᠪᠠᠶᠢᠴᠠᠭᠠᠬᠤ  ᠬᠤᠷᠢᠶᠠᠨ ᠤ   ︽ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠠᠵᠢᠯ ᠤᠨ ᠪᠠᠶᠢᠳᠡᠯ ᠤᠨ ᠲᠤᠬᠠᠶ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠪᠡ᠃        ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠭᠦᠸᠧ ᠯᠦ ᠮᠧᠩ᠂ ᠬᠤᠰᠢᠭᠤᠨ ᠳᠡᠳ᠋ ᠳᠠᠷᠤᠭ᠎ᠠ ᠮᠦ ᠭᠦᠸᠧ ᠳ᠋ᠦᠩ᠂ ᠬᠤᠰᠢᠭᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠵᠦ ᠰᠢᠤᠢ ᠭᠤᠸᠠᠩ᠂ ᠬᠤᠰᠢᠭᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠪᠦᠦ ᠵᠢᠶᠧ᠂ ᠬᠤᠰᠢᠭᠤᠨ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠯ᠎ᠡ ᠠᠵᠢᠯ ᠤᠨ ᠪᠠᠶᠢᠭᠤᠯᠤᠮᠵᠢ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠰᠠᠭᠤᠭ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ᠂ ᠬᠤᠲᠠ᠂ ᠬᠤᠰᠢᠭᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ  ᠂  ᠥᠩᠭᠡᠷᠡᠭᠰᠡᠨ  ᠬᠤᠭᠤᠴᠠᠭᠠᠨ  ᠤ  ᠠᠷᠠᠳ   ᠤᠨ  ᠲᠥᠯᠥᠭᠡᠯᠡᠭᠴᠢᠳ ᠤᠨ  ᠶᠡᠭᠡ  ᠬᠤᠷᠠᠯ  ᠤᠨ  ᠬᠡᠰᠡᠭ  ᠲᠥᠯᠥᠭᠡᠯᠡᠭᠴᠢ   ᠬᠤᠷᠠᠯ    ᠳᠤ  ᠰᠤᠯᠠ  ᠣᠷᠣᠯᠴᠠᠵᠠᠶ᠃       ︵ᠤᠷᠭᠤᠮᠠᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号