ᠯᠢᠦ ᠬᠠᠶ ᠫᠧᠩ ᠤᠨ ᠭᠡᠷ ᠪᠦᠯᠢ ᠶᠢᠨ ᠬᠢᠨ ︽ᠬᠤᠶᠠᠳᠤᠭᠠᠷ ᠳᠡᠰ ᠤᠨ ᠬᠥᠬᠢᠭᠦᠯᠦᠯ ᠰᠠᠶᠢᠰᠢᠶᠠᠯ︾ ᠤᠨ ᠢᠷᠠᠭᠤ ᠠᠯᠳᠠᠷ ᠬᠦᠷᠲᠡᠪᠡ
ᠨᠡᠶᠢᠲᠡᠯᠡᠭᠰᠡᠨ ᠴᠠᠭ᠄
2025/4/28
       4 ᠰᠠᠷ᠎ᠠ ᠶᠢᠨ 26 ᠤ ᠡᠳᠦᠷ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠠᠷᠠᠳ ᠤᠨ ᠵᠠᠪᠰᠡᠭᠲᠦ ᠬᠦᠴᠦᠨ ᠤ ᠬᠡᠯᠲᠡᠰ᠂ ᠬᠤᠰᠢᠭᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ  ᠨᠢ ᠬᠠᠮᠲᠤᠷᠠᠭᠰᠠᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠡᠷᠢᠭ ᠠᠩᠭᠢ ᠶᠢᠨ ᠨᠢᠭᠡᠨ ᠠᠩᠭᠢ ᠲᠠᠢ ᠬᠤᠯᠪᠣᠭᠠᠯᠠᠨ ︽ᠴᠡᠷᠢᠭ ᠠᠩᠭᠢ ᠪᠠ ᠣᠷᠣᠨ ᠨᠤᠲᠤᠭ ᠬᠠᠮᠲᠤᠷᠠᠨ ᠪᠠᠶᠠᠷ ᠤᠨ ᠴᠢᠮᠡᠭᠡ ᠬᠦᠷᠭᠡᠬᠦ︾ ᠠᠵᠢᠯᠯᠠᠭ᠎ᠠ ᠥᠷᠨᠢᠭᠦᠯᠵᠦ᠂ ᠬᠤᠶᠠᠳᠤᠭᠠᠷ ᠳᠡᠰ ᠤᠨ ᠬᠥᠬᠢᠭᠦᠯᠦᠯ ᠰᠠᠶᠢᠰᠢᠶᠠᠯ ᠬᠦᠷᠲᠡᠭᠰᠡᠨ ᠵᠢᠩᠬᠢᠨᠢ ᠠᠯᠪᠠᠨ ᠤ ᠴᠡᠷᠢᠭ ᠯᠢᠦ ᠬᠠᠶ ᠫᠧᠩ ᠤᠨ ᠭᠡᠷ ᠪᠦᠯᠢ ᠳᠤ ᠪᠠᠶᠠᠷ ᠤᠨ ᠴᠢᠮᠡᠭᠡ᠂ ᠢᠯᠡᠷᠬᠡᠶᠢᠯᠡᠯ ᠪᠣᠯᠤᠨ ᠲᠣᠬᠤᠨᠢᠭᠤᠯᠬᠤ ᠮᠥᠩᠭᠦ ᠬᠦᠷᠭᠡᠪᠡ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠬᠤᠰᠢᠭᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠩᠳᠠ ᠤᠯᠤᠰ ᠲᠥᠷᠥ ᠶᠢᠨ ᠭᠡᠰᠢᠭᠦᠨ ᠰᠦᠩ ᠵᠢᠶᠠᠨ ᠹᠧᠩ ᠠᠵᠢᠯᠯᠠᠭ᠎ᠠ ᠳᠤ ᠣᠷᠣᠯᠴᠠᠵᠠᠶ᠃
       ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠲᠦᠢᠯ ᠤᠨ ᠬᠥᠷ ᠬᠥᠭᠵᠢᠶᠡᠨ ᠲᠠᠢ ᠪᠠᠶᠢᠵᠤ᠂ ᠪᠠᠶᠠᠷ ᠤᠨ ᠴᠢᠮᠡᠭᠡ ᠬᠦᠷᠭᠡᠬᠦ ᠡᠩᠨᠡᠭᠡ ᠠᠴᠠ ᠬᠥᠨᠳᠡᠯᠡᠨ ᠪᠢᠴᠢᠭᠡᠰᠦ ᠶᠢ ᠥᠨᠳᠥᠷ ᠲᠤ ᠡᠷᠭᠦᠨ ᠪᠠᠶᠠᠷ ᠤᠨ ᠴᠢᠮᠡᠭᠡ ᠬᠦᠷᠭᠡᠵᠦ᠂ ᠡᠷᠭᠢᠨ ᠲᠣᠭᠤᠷᠢᠨ ᠤ ᠤᠯᠠᠨ ᠲᠦᠮᠡᠨ ᠴᠦ ᠬᠤᠶᠢᠨ᠎ᠡ ᠬᠤᠶᠢᠨ᠎ᠠ ᠠᠴᠠ ᠪᠠᠨ ᠴᠤᠭᠯᠠᠷᠠᠨ ᠢᠷᠡᠵᠦ ᠦᠵᠡᠵᠡᠭᠡᠪᠡ᠃ ᠶᠣᠰᠣᠯᠠᠯ ᠤᠨ ᠲᠤᠬᠠᠶ ᠶᠢᠨ ᠲᠠᠯᠠᠪᠠᠢ ᠳᠤ᠂ ᠴᠡᠷᠢᠭ ᠠᠩᠭᠢ ᠪᠠ ᠣᠷᠣᠨ ᠨᠤᠲᠤᠭ ᠤᠨ ᠤᠳᠤᠷᠢᠳᠤᠯᠭ᠎ᠠ ᠠᠴᠠ ᠴᠡᠷᠢᠭ ᠤᠨ ᠭᠡᠷ ᠪᠦᠯᠢ ᠶᠢᠨ ᠬᠢᠨ ᠳᠤ ︽ᠨᠢᠭᠡ ᠬᠥᠮᠦᠨ ᠭᠠᠪᠢᠶ᠎ᠠ ᠪᠠᠶᠢᠭᠤᠯᠪᠡᠯ ᠪᠥᠬᠦ ᠭᠡᠷ ᠢᠶᠠᠷ ᠢᠶᠠᠨ ᠢᠷᠠᠭᠤ ᠠᠯᠳᠠᠷᠲᠠᠶ︾ ᠭᠡᠬᠦ ᠪᠦᠴᠡ ᠵᠡᠭᠦᠯᠭᠡᠵᠦ᠂ ᠬᠥᠬᠢᠭᠦᠯᠦᠨ ᠰᠠᠶᠢᠰᠢᠶᠠᠬᠤ ᠵᠠᠷᠯᠠᠯ ᠢ ᠤᠩᠰᠢᠨ ᠨᠡᠶᠢᠲᠡᠯᠡᠭᠰᠡᠨ ᠪᠥᠭᠡᠳ ᠭᠠᠪᠢᠶ᠎ᠠ ᠪᠠᠶᠢᠭᠤᠯᠣᠡᠡᠰᠡᠨ ᠪᠠᠶᠠᠷ ᠤᠨ ᠴᠢᠮᠡᠭᠡ᠂ ︽ᠬᠤᠶᠠᠳᠤᠭᠠᠷ ᠳᠡᠰ ᠤᠨ ᠬᠥᠬᠢᠭᠦᠯᠦᠯ ᠰᠠᠶᠢᠰᠢᠶᠡᠯ ᠬᠦᠷᠲᠡᠭᠰᠡᠨ ᠭᠡᠷ︾ ᠭᠡᠬᠦ ᠢᠯᠡᠷᠬᠡᠶᠢᠯᠡᠯ ᠪᠣᠯᠤᠨ ᠢᠷᠠᠭᠤ ᠠᠯᠳᠠᠷ ᠤᠨ ᠮᠥᠩᠭᠦ ᠬᠦᠷᠭᠡᠪᠡ᠃
       ᠶᠠᠷᠢᠯᠴᠠᠬᠤ ᠵᠠᠭᠤᠷ᠎ᠠ᠂ ᠴᠡᠷᠢᠭ ᠠᠩᠭᠢ ᠪᠠ ᠣᠷᠣᠨ ᠨᠤᠲᠤᠭ ᠤᠨ ᠤᠳᠤᠷᠢᠳᠤᠯᠭ᠎ᠠ ᠯᠢᠦ ᠬᠠᠶ ᠫᠧᠩ ᠤᠨ ᠠᠯᠪᠠ ᠬᠠᠭᠠᠵᠤ ᠪᠠᠶᠢᠭ᠎ᠠ ᠪᠠᠶᠢᠳᠠᠯ ᠪᠣᠯᠤᠨ ᠲᠡᠭᠦᠨ ᠤ ᠭᠡᠷ ᠪᠦᠯᠢ ᠶᠢᠨ ᠬᠢᠨ ᠤ ᠠᠮᠢᠳᠤᠷᠠᠯ ᠤᠨ ᠪᠠᠶᠢᠳᠡᠯ ᠢ ᠬᠠᠯᠠᠮᠵᠢᠯᠠᠨ ᠠᠰᠠᠭᠤᠵᠤ᠂ ᠬᠠᠯᠠᠭᠤᠨ ᠪᠠᠶᠠᠷ ᠬᠦᠷᠭᠡᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃
       ᠣᠶᠢᠷ᠎ᠡ ᠶᠢᠨ ᠵᠢᠯ ᠠᠴᠠ ᠨᠠᠭᠠᠰᠢ᠂ ᠠᠷᠤ ᠬᠤᠷᠴᠢᠨ ᠬᠤᠰᠢᠭᠤ ᠨᠡᠶᠢᠲᠡ 20 ᠭᠠᠷᠤᠶ ᠭᠠᠪᠢᠶ᠎ᠠ ᠪᠠᠶᠢᠭᠤᠯᠤᠭᠰᠠᠨ ᠭᠡᠷ ᠪᠦᠯᠢ ᠳᠤ ᠪᠠᠶᠠᠷ ᠤᠨ ᠴᠢᠮᠡᠭᠡ ᠬᠦᠷᠭᠡᠵᠦ᠂ ︽ᠨᠢᠭᠡ ᠬᠥᠮᠦᠨ ᠴᠡᠷᠢᠭ ᠲᠤ ᠣᠷᠣᠪᠠᠯ ᠪᠥᠬᠦ ᠭᠡᠷ ᠢᠶᠠᠷ ᠢᠶᠠᠨ ᠢᠷᠠᠭᠤ ᠠᠯᠳᠠᠷᠲᠠᠶ︔ ᠨᠢᠭᠡ ᠬᠥᠮᠦᠨ ᠭᠠᠪᠢᠶ᠎ᠠ ᠪᠠᠶᠢᠭᠤᠯᠪᠠᠯ ᠪᠥᠬᠦ ᠨᠡᠶᠢᠭᠡᠮ ᠢᠶᠠᠷ ᠢᠶᠠᠨ ᠮᠠᠭᠲᠠᠨ ᠰᠠᠶᠢᠰᠢᠶᠠᠬᠤ︾ ᠠᠭᠤᠷ ᠠᠮᠢᠰᠬᠤᠯ ᠢ ᠦᠷᠭᠦᠯᠵᠢᠯᠡᠨ ᠪᠣᠢ ᠪᠣᠯᠭᠠᠵᠤ᠂ ᠴᠡᠷᠢᠭ ᠪᠠ ᠴᠡᠷᠢᠭ ᠤᠨ ᠭᠡᠷ ᠪᠦᠯᠢ ᠶᠢᠨ  ᠬᠢᠨ ᠤ ᠢᠷᠠᠭᠤ ᠠᠯᠳᠠᠷᠲᠤ ᠰᠡᠳᠬᠢᠯᠭᠡ᠂ ᠣᠮᠣᠭᠰᠢᠯᠲᠤ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ︵ᠵᠣᠤ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号