4 ᠰᠠᠷ᠎ᠠ ᠶᠢᠨ 28 ᠤ ᠡᠳᠦᠷ᠂ ᠠᠷᠤ ᠬᠤᠷᠴᠢᠨ ᠬᠤᠰᠢᠭᠤ ︽ᠠᠶᠠᠯᠭᠤᠲᠤ ᠵᠢᠭᠤᠯᠴᠢᠯᠠᠯ ᠥᠪᠥᠷ | ᠮᠣᠩᠭᠤᠯ · ᠠᠷᠢᠭᠤᠨ ᠲᠠᠭᠰᠢᠨ ᠠᠷᠤ ᠬᠤᠷᠴᠢᠨ︾ ᠬᠥᠳᠡᠯᠮᠦᠷᠢᠴᠢᠳ ᠤᠨ ᠪᠠᠶᠠᠷ ᠢ ᠪᠡᠯᠭᠡᠯᠡᠵᠦ᠂ | ᠵᠠᠯᠠᠭᠤᠴᠤᠳ ᠤᠨ ᠪᠠᠶᠠᠷ ᠢ ᠤᠭᠲᠤᠬᠤ ᠤᠷᠠᠨ ᠰᠠᠶᠢᠬᠠᠨ ᠤ ᠲᠤᠰᠬᠠᠶ ᠲᠠᠯᠠᠪᠤᠷᠲᠤ ᠲᠣᠭᠯᠠᠯᠲᠠ ᠡᠷᠬᠢᠯᠡᠵᠦ᠂ | ᠬᠠᠤᠯᠢ ᠪᠠᠷ ᠵᠠᠰᠠᠬᠤ ᠰᠣᠶᠣᠯ ᠤᠨ ᠠᠭᠤᠳᠠᠮ ᠲᠠᠯᠠᠪᠠᠢ ᠳᠤ ᠶᠠᠪᠤᠭᠳᠠᠭᠤᠯᠪᠠ᠃ | | | | | | | | ᠲᠣᠭᠯᠠᠯᠲᠠ ᠨᠢ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠭᠡᠬᠦ ᠬᠠᠮᠲᠤ ᠶᠢᠨ ᠪᠥᠵᠢᠭ ᠢᠶᠠᠷ | ᠬᠥᠰᠢᠭᠡ ᠰᠡᠬᠦᠵᠦ᠂ ︽ᠰᠠᠪᠠᠷᠳᠠᠩ︾᠂ ︽ᠦᠯᠵᠡᠶᠢᠳᠤ ᠮᠠᠭᠲᠠᠭᠠᠯ︾᠂ ︽ᠡᠷᠪᠡᠬᠡᠶ︾ ᠵᠡᠷᠭᠡ ᠭᠤᠶᠢᠳᠠ ᠰᠠᠶᠢᠬᠠᠨ | ᠲᠣᠭᠯᠠᠯᠲᠠ ᠤᠳ ᠨᠢ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠢ ᠣᠷᠭᠢᠯ ᠳᠤ ᠨᠢ ᠲᠤᠯᠲᠠᠯ᠎ᠠ ᠬᠥᠭᠵᠢᠭᠡᠵᠦ᠂ | ᠦᠵᠡᠭᠴᠢᠳ ᠣᠯᠠᠨ ᠠᠯᠠᠭ᠎ᠠ ᠲᠠᠰᠢᠨ ᠤᠤᠬᠠᠶᠢᠯᠠᠵᠤ᠂ ᠬᠥᠷ ᠨᠠᠷᠭᠢᠶᠠᠨ ᠢᠶᠠᠷ ᠪᠢᠯᠬᠠᠵᠤ ᠪᠠᠶᠢᠯ᠎ᠠ᠃ | | | | | | ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠨᠢ ᠤᠷᠠᠨ ᠰᠠᠶᠢᠬᠠᠨ ᠤ ᠲᠣᠭᠯᠠᠯᠲᠠ ᠶᠢᠨ | ᠬᠡᠯᠪᠡᠷᠢ ᠪᠠᠷ ᠬᠥᠳᠡᠯᠮᠦᠷᠢᠴᠢᠨ ᠲᠦᠮᠡᠨ ᠤ ᠲᠡᠮᠡᠴᠡᠯ ᠤᠨ ᠵᠣᠷᠢᠭ ᠰᠠᠨᠠᠭ᠎ᠠ ᠪᠠ ᠴᠤᠭ ᠵᠢᠪᠬᠤᠭ᠎ᠠ ᠶᠢ ᠮᠠᠭᠲᠠᠨ | ᠳᠠᠭᠤᠯᠠᠵᠤ᠂ ᠤᠷᠠᠯᠢᠭ ᠤᠨ ᠦᠪᠡᠳᠡᠭᠰᠢ ᠨᠠᠶᠢᠷ ᠶᠠᠪᠤᠭᠳᠠᠭᠤᠯᠬᠤ ᠢᠶᠠᠷ ᠳᠠᠮᠵᠢᠨ ᠣᠯᠠᠨ ᠲᠦᠮᠡᠨ ᠤ ᠣᠶᠤᠨ ᠰᠠᠨᠠᠭ᠎ᠠ | ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ᠂ ᠤᠮᠠᠷᠠᠲᠤ ᠬᠢᠯᠢ ᠶᠢᠨ ᠰᠣᠶᠣᠯ ᠢ ᠠᠷᠠᠳ ᠣᠯᠠᠨ ᠤ | ᠠᠮᠢᠳᠤᠷᠠᠯ ᠳᠤ ᠨᠡᠩ ᠭᠦᠨᠵᠡᠭᠡᠶ ᠠᠭᠤᠰᠤᠯᠴᠠᠭᠤᠯᠵᠠᠶ᠃ ︵ᠤᠷᠭᠤᠮᠠᠯ᠂ ᠴᠡᠯᠮᠡᠭ︶ | | |