4 ᠰᠠᠷ᠎ᠠ ᠶᠢᠨ 28 ᠤ ᠡᠳᠦᠷ᠂ ᠪᠦᠬᠦ ᠬᠤᠰᠢᠭᠤᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ | ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠵᠤ ᠬᠤᠰᠢᠭᠤᠨ ᠤᠳᠤᠷᠢᠳᠤᠯᠭ᠎ᠠ ᠵᠢᠶᠠ ᡁᠢ ᠬᠤᠩ᠂ ᠬᠠᠨ | ᠵᠢᠶᠧ᠂ ᠬᠥᠬᠡᠪᠠᠷᠰ᠂ ᠢᠦᠶ ᠸᠧᠶ ᠬᠤᠸᠠ ᠶᠣᠰᠣᠯᠠᠯ ᠳᠤ ᠣᠷᠣᠯᠴᠠᠪᠠ ᠃ | | | | ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠬᠠᠨ ᠵᠢᠶᠧ ᠶᠣᠰᠣᠯᠠᠯ ᠢ ᠡᠷᠭᠢᠯᠡᠪᠡ᠃ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᡁᠢ ᠬᠤᠩ ᠵᠢᠭᠠᠨ ᠭᠠᠷᠭᠠᠭᠰᠠᠨ ᠨᠢ᠂ ᠲᠤᠰ | ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠠ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠠᠶᠢᠵᠤ᠂ ᠪᠥᠬᠦ ᠲᠠᠯ᠎ᠠ ᠪᠠᠷ | ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠲᠦᠭᠡᠨ ᠪᠠᠶᠢᠭᠤᠯᠬᠤ ᠪᠦᠲᠦᠮᠵᠢᠲᠡᠶ ᠠᠵᠢᠯᠯᠠᠭ᠎ᠠ ᠮᠥᠷᠲᠡᠭᠡᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠴᠢᠬᠤᠯᠠ ᠠᠭᠤᠯᠭ᠎ᠠ ᠶᠢᠨ | ᠨᠢᠭᠡ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢᠳᠡᠪᠬᠢᠲᠡᠶ ᠬᠥᠳᠡᠯᠦᠯᠴᠡᠵᠦ ᠨᠠᠩ | ᠰᠢᠭᠤᠳ᠂ ᠨᠠᠩ ᠠᠮᠢᠳᠤᠯᠢᠭ᠂ ᠨᠠᠩ ᠣᠯᠠᠨ ᠲᠦᠮᠡᠨ ᠲᠠᠢ ᠣᠶᠢᠷᠠᠳᠬᠤ ᠬᠡᠯᠪᠡᠷᠢ ᠪᠠᠷ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ | ᠬᠠᠮᠲᠤ ᠨᠡᠶᠢᠲᠡ ᠶᠢᠨ ᠤᠬᠠᠮᠰᠠᠷ᠂ ᠡᠵᠡᠨ ᠬᠥᠮᠦᠨ ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ | ᠤᠬᠠᠮᠰᠠᠷ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠤᠬᠠᠮᠰᠠᠷ ᠢ ᠪᠠᠲᠤ ᠪᠤᠢ ᠪᠣᠯᠭᠠᠨ᠂ ︽ᠵᠢᠷᠭᠤᠭᠠᠨ | ᠪᠠᠳᠠᠭ ᠤᠨ ᠪᠣᠳᠠᠲᠤ ᠶᠠᠪᠤᠳᠠᠯ ᠪᠠ ᠶᠣᠰᠣ ᠤᠴᠢᠷ︾ ᠢ ᠪᠠᠲᠤ ᠴᠡᠭᠡᠵᠢᠯᠡᠭᠦᠯᠵᠦ᠂ ᠰᠢᠨ᠎ᠡ ᠠᠶᠠᠨ ᠳᠤ ᠨᠠᠩ | ᠡᠷᠡᠯᠬᠡᠭᠯᠡᠨ ᠤᠷᠤᠭᠰᠢᠯᠠᠶ᠎ᠠ ᠭᠡᠪᠡ᠃ | | | | ᠶᠣᠰᠣᠯᠠᠯ ᠳᠡᠭᠡᠷ᠎ᠡ᠂ ᠵᠢᠶᠠ ᡁᠢ ᠬᠤᠩ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠵᠤ ᠬᠠᠨ ᠠᠭᠤᠯᠠ | ᠪᠠᠭ᠎ᠠ ᠰᠤᠷᠭᠠᠭᠤᠯᠢ ᠪᠣᠯᠤᠨ ᠴᠢᠪᠠᠭ᠎ᠠ ᠭᠤᠷᠪᠠᠳᠤᠭᠠᠷ ᠪᠠᠭ᠎ᠠ ᠰᠤᠷᠭᠠᠭᠤᠯᠢ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠤᠯᠪᠣᠭᠠᠯᠠᠨ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ ᠲᠤᠭᠲᠠᠪᠠ᠃ ᠲᠤᠬᠠᠶ ᠶᠢᠨ | ᠲᠠᠯᠠᠪᠤᠷ ᠲᠤ ᠪᠠᠰᠠ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ | ᠬᠢᠬᠦ᠂ ᠲᠥᠷᠥ ᠶᠢᠨ ᠪᠣᠳᠣᠯᠭ᠎ᠠ ᠶᠢ ᠤᠬᠠᠭᠤᠯᠬᠤ ᠠᠵᠢᠯᠯᠠᠭ᠎ᠠ ᠥᠷᠨᠢᠭᠦᠯᠵᠡᠶ᠃ ︵ᠤᠷᠭᠤᠮᠠᠯ︶ | | |