4 ᠰᠠᠷ᠎ᠠ ᠶᠢᠨ 1 ᠤ ᠡᠳᠦᠷ᠂ ᠠᠷᠤ ᠬᠤᠷᠴᠢᠨ ᠬᠤᠰᠢᠭᠤᠨ ᠤ ᠠᠩᠬᠠᠳᠠᠭᠴᠢ ᠠᠰᠢᠭᠦᠶ ᠲᠠᠷᠢᠶᠠᠯᠠᠩ | ᠮᠠᠯᠵᠢᠯ ᠤᠨ ᠦᠢᠯᠡᠴᠢᠯᠡᠭᠡᠨ ᠤ ᠥᠷᠲᠡᠭᠡ ᠵᠢᠭᠠᠰᠤᠲᠠᠶ ᠪᠠᠯᠭᠠᠰᠤᠨ ᠳᠤ ᠦᠪᠡᠳᠡᠭᠰᠢ ᠶᠡᠭᠡ ᠪᠠᠷ ᠪᠠᠶᠢᠭᠤᠯᠣᠡᠡᠳᠡᠵᠤ᠂ | ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠦᠶ ᠣᠯᠠᠨ ᠮᠠᠯᠴᠢᠨ | ᠲᠠᠷᠢᠶᠠᠴᠢᠨ ᠬᠢᠭᠡᠳ ᠬᠠᠮᠢᠶ᠎ᠠ ᠪᠦᠬᠦᠢ ᠠᠵᠢᠯ ᠲᠥᠷᠥᠯ ᠤᠨ ᠬᠥᠮᠦᠰ ᠤᠨ ᠠᠩᠬᠠᠷᠤᠯ ᠢ ᠲᠠᠲᠠᠪᠠ᠃ | | | | ᠠᠵᠢᠯ ᠡᠬᠢᠯᠡᠬᠦ ᠶᠣᠰᠣᠯᠠᠯ ᠳᠡᠭᠡᠷ᠎ᠡ᠂ ᠬᠥᠲᠥᠯᠥᠭᠴᠢ ᠠᠰᠢᠭᠦᠶ ᠲᠠᠷᠢᠶᠠᠯᠠᠩ ᠮᠠᠯᠵᠢᠯ ᠤᠨ ᠥᠷᠲᠡᠭᠡᠨ ᠤ | ᠲᠥᠷᠥᠯ ᠵᠦᠢᠯ ᠤᠨ ᠪᠣᠳᠠᠲᠠᠶ ᠠᠭᠤᠯᠭ᠎ᠠ᠂ ᠵᠢᠩ ᠳ᠋ᠦᠩ ᠲᠠᠷᠢᠶᠠᠯᠠᠩ ᠤᠨ ᠬᠡᠷᠡᠭᠰᠡᠯ ᠤᠨ ᠬᠠᠪᠤᠷ ᠤᠨ | ᠲᠠᠷᠢᠶᠠᠯᠠᠭ᠎ᠠ ᠶᠢᠨ ᠪᠠᠶᠠᠷ ᠤᠨ ᠳᠡᠯᠭᠡᠨ ᠪᠣᠷᠣᠯᠠᠭᠤᠯᠤᠯᠲᠠ ᠶᠢᠨ ᠴᠤᠭᠯᠠᠭᠠᠨ ᠡᠬᠢᠯᠡᠭᠰᠡᠨ ᠢ ᠵᠠᠷᠯᠠᠪᠠ᠃ ᠵᠢᠭᠠᠰᠤᠲᠠᠶ | ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ᠂ ᠵᠢᠩ ᠳ᠋ᠦᠩ ᠪᠦᠯᠦᠭᠯᠡᠯ ᠤᠨ ᠲᠥᠯᠥᠭᠡᠯᠡᠭᠴᠢ᠂ ᠤᠯᠠᠭᠠᠨᠬᠠᠳᠠ ᠶᠢᠨ | ᠠᠰᠢᠭᠦᠶ ᠮᠠᠯ ᠠᠵᠤ ᠠᠬᠤᠶ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ | ᠳᠠᠷᠤᠭ᠎ᠠ ᠲᠤᠰ ᠲᠤᠰ ᠪᠠᠶᠠᠷ ᠤᠨ ᠦᠭᠡ ᠬᠡᠯᠡᠪᠡ᠃ ᠵᠢᠭᠠᠰᠤᠲᠠᠶ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ | ᠵᠢᠩ ᠳ᠋ᠦᠩ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠤᠯᠠᠭᠠᠨᠬᠠᠳᠠ ᠬᠤᠲᠠ ᠶᠢᠨ ᠠᠰᠢᠭᠦᠶ | ᠮᠠᠯ ᠠᠵᠤ ᠠᠬᠤᠶ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠬᠠᠮᠲᠤᠷᠠᠯᠴᠠᠭᠠᠨ ᠤ ᠵᠥᠪᠯᠡᠯᠴᠡᠭᠡᠷ | ᠲᠣᠬᠢᠷᠠᠯᠴᠠᠬᠤ ᠶᠢᠨ ᠬᠠᠮᠲᠤ ᠠᠵᠢᠯ ᠡᠬᠢᠯᠡᠬᠦ ᠶᠣᠰᠣᠯᠠᠯ ᠢ ᠡᠬᠢᠯᠡᠭᠦᠯᠪᠡ᠃ ᠲᠤᠬᠠᠶ ᠶᠢᠨ ᠲᠠᠯᠠᠪᠠᠢ ᠳᠤ ᠪᠠᠰᠠ ᠲᠠᠷᠢᠵᠤ | ᠲᠡᠵᠢᠭᠡᠨ ᠦᠷᠡᠵᠢᠭᠦᠯᠬᠦ ᠲᠣᠮᠣ ᠡᠷᠦᠬᠡ ᠶᠢ ᠤᠷᠢᠵᠤ ᠳᠡᠯᠭᠡᠨ ᠪᠣᠷᠣᠯᠠᠭᠤᠯᠬᠤ ᠴᠤᠭᠯᠠᠭᠠᠨ ᠳᠤ ᠣᠴᠢᠭᠤᠯᠤᠨ | ᠰᠢᠨᠵᠢᠯᠡᠨ ᠪᠠᠶᠢᠴᠠᠭᠠᠯᠳᠠ ᠬᠢᠯᠭᠡᠵᠦ᠂ ᠠᠰᠢᠭᠦᠶ ᠺᠣᠮᠫᠠᠨᠢ᠂ ᠵᠢᠩ ᠳ᠋ᠦᠩ᠂ ᠪᠠᠩᠬᠢ ᠪᠣᠯᠤᠨ ᠳᠠᠭᠠᠳᠬᠠᠯ ᠤᠨ | ᠲᠥᠯᠥᠭᠡᠯᠡᠭᠴᠢ ᠪᠦᠲᠦᠭᠡᠭᠳᠡᠬᠦᠨ ᠢ ᠤᠬᠠᠭᠤᠯᠤᠨ ᠲᠠᠶᠢᠯᠪᠣᠷᠢᠯᠠᠬᠤ ᠶᠢᠨ ᠬᠠᠮᠲᠤ ᠬᠤᠯᠪᠣᠭᠳᠠᠯ ᠪᠦᠬᠦᠢ ᠪᠠᠶᠢᠳᠡᠯ ᠢ | ᠲᠠᠨᠢᠯᠴᠠᠭᠤᠯᠵᠠᠶ᠃ | | | | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠪᠦᠲᠦᠭᠡᠭᠳᠡᠬᠦᠨ ᠤ ᠦᠵᠡᠭᠦᠯᠭᠡ ᠶᠢᠨ ᠲᠣᠭᠤᠷᠢᠭ ᠪᠠ | ᠠᠰᠠᠭᠤᠨ ᠯᠠᠪᠯᠠᠬᠤ ᠲᠠᠪᠴᠠᠩ ᠭᠠᠷᠭᠠᠵᠤ᠂ ᠠᠵᠢᠯᠲᠠᠳ ᠮᠠᠯᠴᠢᠨ ᠲᠠᠷᠢᠶᠠᠴᠢᠳ ᠲᠤ ᠡᠯ᠎ᠡ ᠲᠥᠷᠥᠯ ᠤᠨ | ᠲᠠᠷᠢᠶᠠᠯᠠᠩ ᠤᠨ ᠬᠡᠷᠡᠭᠰᠡᠯ ᠤᠨ ᠪᠦᠲᠦᠭᠡᠭᠳᠡᠬᠦᠨ ᠢ ᠲᠠᠨᠢᠯᠴᠠᠭᠤᠯᠬᠤ ᠶᠢᠨ ᠬᠠᠮᠲᠤ ᠲᠠᠷᠢᠶᠠᠯᠠᠩ ᠮᠠᠯ ᠠᠵᠤ ᠠᠬᠤᠶ ᠶᠢᠨ | ᠦᠢᠯᠡᠣᠡᠪᠣᠷᠢᠯᠡᠯ ᠳᠤ ᠲᠤᠯᠭᠠᠷᠠᠭᠰᠠᠨ ᠠᠰᠠᠭᠤᠳᠠᠯ ᠢ ᠨᠢ ᠬᠦᠯᠢᠴᠡᠩᠭᠦᠶ ᠪᠠᠷ ᠬᠠᠷᠢᠭᠤᠯᠵᠠᠶ᠃ ᠡᠭᠦᠨ ᠤ ᠳᠠᠭᠠᠤ᠂ | ᠦᠢᠯᠡᠴᠢᠯᠡᠭᠡᠨ ᠤ ᠥᠷᠲᠡᠭᠡ ᠪᠠᠰᠠ ᠠᠵᠢᠯ ᠡᠬᠢᠯᠡᠬᠦ ᠬᠠᠷᠠᠭᠠᠯᠵᠠᠯ ᠤᠨ ᠬᠠᠮᠢᠶ᠎ᠠ ᠪᠦᠬᠦᠢ ᠬᠥᠳᠡᠯᠭᠡᠭᠡᠨ ᠢ | ᠲᠣᠬᠢᠷᠠᠭᠤᠯᠵᠤ ᠦᠶ ᠣᠯᠠᠨ ᠮᠠᠯᠴᠢᠨ ᠲᠠᠷᠢᠶᠠᠴᠢᠳ ᠤᠨ ᠲᠤᠬᠠᠶ ᠶᠢᠨ ᠲᠠᠯᠠᠪᠤᠷ ᠲᠤ ᠲᠠᠷᠢᠶᠠᠯᠠᠩ ᠤᠨ | ᠦᠢᠯᠡᠣᠡᠪᠣᠷᠢᠯᠡᠯ ᠤᠨ ᠬᠡᠷᠡᠭᠰᠡᠯ ᠢ ᠵᠠᠬᠢᠶᠠᠯᠠᠬᠤ ᠳᠤ ᠪᠡᠯᠡᠨ ᠪᠣᠯᠭᠠᠪᠠ᠃ | | | | ᠣᠶᠢᠯᠠᠭᠠᠡᠡᠰᠡᠨ ᠢᠶᠠᠷ᠂ ᠠᠰᠢᠭᠦᠶ ᠲᠠᠷᠢᠶᠠᠯᠠᠩ ᠮᠠᠯᠵᠢᠯ ᠤᠨ ᠦᠢᠯᠡᠴᠢᠯᠡᠭᠡᠨ ᠤ ᠥᠷᠲᠡᠭᠡ ᠨᠢ ᠤᠯᠠᠭᠠᠨᠬᠠᠳᠠ | ᠠᠰᠢᠭᠦᠶ ᠮᠠᠯ ᠠᠵᠤ ᠠᠬᠤᠶ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠵᠢᠩ ᠳ᠋ᠦᠩ ᠲᠠᠪᠴᠠᠩ | ᠬᠤᠯᠪᠣᠭᠠᠯᠠᠭᠰᠠᠨ᠂ ᠨᠠᠷᠢᠨ ᠨᠢᠮᠪᠠᠶ ᠴᠣᠭᠴᠠᠯᠠᠨ ᠪᠠᠶᠢᠭᠤᠯᠤᠭᠰᠠᠨ ᠨᠢᠭᠡ ᠵᠦᠢᠯ ᠤᠨ ᠶᠡᠷᠦᠩᠬᠡᠶᠢᠯᠡᠭᠰᠡᠨ ᠴᠢᠨᠠᠷᠲᠠᠶ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠷᠥᠯ ᠵᠦᠢᠯ ᠶᠤᠮ᠃ ᠦᠢᠯᠡᠴᠢᠯᠡᠭᠡᠨ ᠤ ᠥᠷᠲᠡᠭᠡ ᠳᠤ | ᠲᠠᠷᠢᠶᠠᠯᠠᠩ ᠤᠨ ᠦᠢᠯᠡᠣᠡᠪᠣᠷᠢᠯᠡᠯ ᠤᠨ ᠬᠡᠷᠡᠭᠰᠡᠯ᠂ ᠮᠠᠯᠵᠢᠯ ᠤᠨ ᠦᠢᠯᠡᠣᠡᠪᠣᠷᠢᠯᠡᠯ ᠤᠨ ᠬᠡᠷᠡᠭᠰᠡᠯ᠂ ᠠᠮᠢᠳᠤᠷᠠᠯ ᠤᠨ | ᠬᠡᠷᠡᠭᠰᠡᠯ᠂ ᠲᠡᠮᠦᠷᠯᠢᠭ ᠬᠥᠳᠡᠯᠮᠦᠷᠢ ᠶᠢᠨ ᠬᠠᠮᠠᠭᠠᠯᠠᠯᠲᠠ ᠶᠢᠨ ᠦᠢᠯᠡᠣᠡᠭᠦᠨ ᠵᠡᠷᠭᠡ ᠣᠯᠠᠨ ᠵᠦᠢᠯ ᠤᠨ ᠦᠢᠯᠡᠣᠡᠭᠦᠨ ᠤ | ᠪᠣᠷᠣᠯᠠᠭᠤᠯᠤᠯᠲᠠ ᠪᠠᠶᠢᠬᠤ ᠪᠠᠷ ᠪᠠᠷᠠᠬᠤ ᠥᠬᠡᠶ᠂ ᠪᠠᠰᠠ ᠮᠥᠩᠭᠦᠨ ᠭᠦᠢᠯᠭᠡᠭᠡ ᠳᠠᠭᠠᠳᠬᠠᠯ᠂ ᠴᠠᠬᠢᠯᠭᠠᠨ | ᠬᠤᠯᠪᠣᠭᠠᠨ ᠤ ᠦᠢᠯᠡᠴᠢᠯᠡᠭᠡ᠂ ᠠᠮᠢᠳᠤᠷᠠᠯ ᠤᠨ ᠰᠦᠢᠣᠡᠭᠡᠯ ᠲᠤᠰᠢᠶᠠᠬᠤ᠂ ᠵᠠᠰᠠᠭ ᠤᠨ ᠶᠠᠪᠤᠳᠠᠯ ᠤᠨ ᠵᠥᠪᠯᠡᠯᠭᠡ | ᠥᠭᠬᠦ ᠵᠢᠴᠢ ᠭᠡᠷ ᠲᠤᠨᠢ ᠬᠦᠷᠭᠡᠬᠦ ᠵᠡᠷᠭᠡ ᠠᠷᠠᠳ ᠲᠤ ᠳᠥᠬᠦᠮ ᠦᠵᠡᠭᠦᠯᠬᠦ ᠣᠯᠠᠨ ᠵᠦᠢᠯ ᠤᠨ ᠦᠢᠯᠡᠴᠢᠯᠡᠭᠡ ᠶᠢ | ᠬᠠᠮᠤᠷᠪᠠ᠃ | | | | ᠠᠰᠢᠭᠦᠶ ᠲᠠᠷᠢᠶᠠᠯᠠᠩ ᠮᠠᠯᠵᠢᠯ ᠤᠨ ᠦᠢᠯᠡᠴᠢᠯᠡᠭᠡᠨ ᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠨᠢ | ᠦᠨᠳᠦᠰᠦᠨ ᠱᠠᠳᠣᠨ ᠤ ᠣᠯᠠᠨ ᠡᠰᠢᠵᠢᠭᠰᠡᠨ᠂ ᠳᠥᠭᠦᠮ ᠳᠥᠳᠡ ᠬᠡᠷᠡᠭᠯᠡᠭᠡᠨ ᠤ ᠱᠠᠭᠠᠷᠳᠠᠯᠭ᠎ᠠ ᠶᠢ | ᠬᠠᠩᠭᠠᠭᠰᠠᠨ ᠢᠶᠠᠷ ᠪᠠᠷᠠᠬᠤ ᠥᠬᠡᠶ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠥᠭᠵᠢᠯᠲᠡ ᠪᠠ | ᠨᠡᠶᠢᠭᠡᠮ ᠤᠨ ᠳᠠᠪᠰᠢᠯᠲᠡ ᠶᠢ ᠠᠬᠢᠭᠤᠯᠪᠠ᠃ ᠣᠳᠣᠬᠠᠨ ᠳᠤ᠂ ᠨᠢᠭᠡᠳᠦᠭᠡᠷ ᠪᠦᠯᠦᠭ 50 ᠲᠤᠷᠰᠢᠯᠲᠠ ᠶᠢᠨ ᠴᠡᠭ ᠨᠢ | ᠶᠠᠭ ᠪᠠᠭᠠᠷᠢᠨ ᠪᠠᠷᠠᠭᠤᠨ ᠬᠤᠰᠢᠭᠤ ᠪᠣᠯᠤᠨ ᠠᠷᠤ ᠬᠤᠷᠴᠢᠨ ᠬᠤᠰᠢᠭᠤᠨ ᠳᠤ ᠨᠤᠲᠤᠭᠰᠢᠵᠤ᠂ ᠲᠥᠷᠥᠯ ᠵᠦᠢᠯ ᠨᠢ | ᠤᠳᠠᠯ ᠦᠭᠡᠢ ᠤᠯᠠᠭᠠᠨᠬᠠᠳᠠ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠢ ᠬᠠᠮᠤᠷᠴᠤ᠂ ᠢᠷᠡᠭᠡᠳᠦᠶ ᠳᠤ ᠨᠠᠩ | ᠴᠦ ᠪᠥᠬᠦ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠥᠷᠭᠡᠨ ᠢᠶᠠᠷ ᠬᠠᠮᠤᠷᠬᠤ ᠪᠣᠯᠤᠨ᠎ᠠ᠃ ︵ᠴᠡᠯᠮᠡᠭ︶ |