ᠠᠷᠤ ᠬᠤᠷᠴᠢᠨ ᠬᠤᠰᠢᠭᠤ ᠭᠤᠴᠢᠨ ᠳᠥᠷᠪᠡᠳᠡᠬᠢ ᠪᠦᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/4/3
       4 ᠰᠠᠷ᠎ᠠ ᠶᠢᠨ 1 ᠤ ᠡᠳᠦᠷ᠂ ᠠᠷᠤ ᠬᠤᠷᠴᠢᠨ ᠬᠤᠰᠢᠭᠤ ︽ᠭᠠᠶᠢᠯᠢ ᠲᠠᠲᠠᠪᠤᠷᠢ᠂ ᠬᠠᠤᠯᠢ ᠪᠠᠷ ᠵᠠᠰᠠᠬᠤ᠂ ᠡᠷᠬᠡ ᠲᠡᠭᠰᠢ︾ ᠭᠤᠤᠯ ᠰᠡᠳᠦᠪᠲᠦ ᠭᠤᠴᠢᠨ ᠳᠥᠷᠪᠡᠳᠡᠬᠢ ᠪᠦᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠭᠠᠶᠢᠯᠢ ᠲᠠᠲᠠᠪᠤᠷᠢ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠪᠠ᠃
       ᠶᠣᠰᠣᠯᠠᠯ ᠳᠡᠭᠡᠷ᠎ᠡ᠂ ᠬᠤᠰᠢᠭᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠪᠣᠯᠤᠨ ᠬᠤᠰᠢᠭᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠭᠤᠤᠯ ᠬᠠᠷᠢᠭᠤᠴᠠᠯᠭᠠᠲᠠᠨ ᠬᠠᠮᠲᠤ ᠪᠠᠷ 2025 ᠣᠨ ᠤ ᠪᠦᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠬᠥᠰᠢᠭᠡ ᠶᠢ ᠰᠡᠬᠦᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠠᠰᠠᠭᠤᠨ ᠯᠠᠪᠯᠠᠬᠤ ᠦᠢᠯᠡᠴᠢᠯᠡᠭᠡᠨ ᠤ ᠲᠠᠪᠴᠠᠩ ᠭᠠᠷᠭᠠᠵᠤ᠂ ᠠᠵᠢᠯᠲᠠᠳ ᠲᠤᠬᠠᠶ ᠶᠢᠨ ᠲᠠᠯᠠᠪᠠᠢ ᠶᠢᠨ ᠣᠯᠠᠨ ᠲᠦᠮᠡᠨ ᠳᠤ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠭᠠᠷ ᠳᠡᠪᠲᠡᠷ ᠵᠡᠷᠭᠡ ᠮᠠᠲ᠋ᠧᠷᠢᠶᠠᠯ ᠲᠠᠷᠬᠠᠭᠠᠵᠤ᠂ ᠭᠠᠶᠢᠯᠢ ᠲᠠᠲᠠᠪᠤᠷᠢ ᠶᠢᠨ ᠣᠳᠣᠬᠠᠨ ᠤ ᠬᠠᠯᠠᠮᠰᠢᠯ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠲᠠᠶᠢᠯᠪᠤᠷᠢᠯᠠᠭᠰᠠᠨ ᠪᠥᠭᠡᠳ ᠣᠯᠠᠨ ᠲᠦᠮᠡᠨ ᠤ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ ᠨᠠᠷᠢᠯᠢᠭ ᠬᠠᠷᠢᠭᠤᠯᠲᠠ ᠥᠭᠭᠦᠭᠰᠡᠨ ᠪᠠᠶᠢᠨ᠎ᠠ᠃ ᠲᠤᠬᠠᠶ ᠶᠢᠨ ᠲᠠᠯᠠᠪᠠᠢ ᠳᠤ ᠪᠠᠰᠠ ᠭᠠᠶᠢᠯᠢ ᠶᠢᠨ ᠤᠬᠠᠭᠤᠯᠭ᠎ᠠ ᠶᠢᠨ ᠺᠠᠷᠲ ᠤᠨ ᠬᠠᠨ᠎ᠠ ᠭᠠᠷᠭᠠᠵᠤ᠂ ᠴᠤᠭᠯᠠᠷᠠᠭᠰᠠᠨ ᠪᠦᠬᠦᠨ ᠬᠠᠮᠲᠤ ᠶᠢᠨ ᠵᠢᠷᠤᠭ ᠰᠡᠭᠦᠳᠡᠷ ᠲᠠᠲᠠᠵᠤ ᠳᠤᠷᠠᠰᠬᠠᠯ ᠦᠯᠡᠳᠡᠭᠡᠨ᠂ ᠲᠤᠬᠠᠶ ᠶᠢᠨ ᠲᠠᠯᠠᠪᠠᠢ ᠶᠢᠨ ᠬᠠᠷᠢᠯᠴᠠᠨ ᠬᠥᠳᠡᠯᠦᠯᠴᠡᠬᠦ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠪᠠ᠃
       ᠲᠤᠰ ᠤᠳᠠᠭᠠᠨ ᠤ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠢ ᠠᠮᠵᠢᠯᠲᠠ ᠲᠠᠢ ᠡᠷᠬᠢᠯᠡᠭᠰᠡᠨ ᠨᠢ ᠠᠷᠤ ᠬᠤᠷᠴᠢᠨ ᠬᠤᠰᠢᠭᠤᠨ ᠤ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠠᠵᠢᠯ ᠨᠢᠭᠡᠨ ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠵᠤ᠂ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠨ᠂ ᠭᠠᠶᠢᠯᠢ ᠲᠠᠲᠠᠪᠤᠷᠢ ᠶᠢᠨ ᠲᠦᠷᠦ ᠶᠢᠨ ᠪᠣᠳᠣᠯᠭ᠎ᠠ ᠶᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠤ᠂ ᠭᠠᠶᠢᠯᠢ ᠲᠤᠰᠢᠶᠠᠭᠴᠢ᠂  ᠰᠦᠢᠳᠬᠡᠯ ᠲᠤᠰᠢᠶᠠᠭᠴᠢ ᠶᠢᠨ ᠭᠠᠶᠢᠯᠢ ᠶᠢᠨ ᠬᠠᠤᠯᠢ ᠶᠢᠨ ᠲᠤᠬᠠᠶ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠵᠤ᠂ ᠠᠷᠤ ᠬᠤᠷᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠭᠠᠶᠢᠯᠢ ᠶᠢᠨ ᠶᠠᠪᠤᠳᠠᠯ ᠤᠨ ᠬᠦᠴᠦᠨ ᠨᠡᠮᠡᠷᠢᠯᠡᠬᠦ ᠪᠣᠯᠤᠨ᠎ᠠ᠃ ︵ᠯᠢᠦ ᠰᠢᠨ ᠲᠢᠩ  ᠳ᠋ᠦᠩ ᠱᠤᠸᠠᠩ︶  
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号