ᠠᠷᠤ ᠬᠤᠷᠴᠢᠨ ᠬᠤᠰᠢᠭᠤᠨ ᠤ ︽ᠨᠡᠶᠢᠭᠡᠮ ᠤᠨ ᠳᠠᠭᠠᠳᠬᠠᠯ᠂ ᠰᠢᠤᠳᠠᠨ ᠤ ᠨᠢᠭᠡ ᠴᠣᠭᠴᠠᠵᠢᠯᠲᠠ︾ ᠶᠢᠨ ᠦᠢᠯᠡᠴᠢᠯᠡᠭᠡᠨ ᠤ ᠴᠡᠭ ᠭᠡᠷ᠎ᠡ ᠲᠣᠭᠲᠠᠵᠤ ᠢᠯᠡᠷᠬᠡᠶᠢᠯᠡᠯ ᠰᠡᠬᠦᠪᠡ
ᠨᠡᠶᠢᠲᠡᠯᠡᠭᠰᠡᠨ ᠴᠠᠭ᠄
2025/4/3
       4 ᠰᠠᠷ᠎ᠠ ᠶᠢᠨ 2 ᠤᠨ ᠡᠳᠦᠷ᠂ ᠤᠯᠠᠭᠠᠨᠬᠠᠳᠠ ᠬᠤᠲᠠ ᠶᠢᠨ ᠠᠩᠬᠠᠨ ᠤ ︽ᠨᠡᠶᠢᠭᠡᠮ ᠤᠨ ᠳᠠᠭᠠᠳᠬᠠᠯ · ᠰᠢᠤᠳᠠᠨ ᠤ ᠨᠢᠭᠡ ᠴᠣᠭᠴᠠᠵᠢᠯᠲᠠ︾ ᠶᠢᠨ ᠦᠢᠯᠡᠴᠢᠯᠡᠭᠡᠨ ᠤ ᠴᠡᠭ ᠤᠨ ᠭᠡᠷ᠎ᠡ ᠲᠣᠭᠲᠠᠬᠤ ᠵᠢᠴᠢ ᠢᠯᠡᠷᠬᠡᠶᠢᠯᠡᠯ ᠰᠡᠬᠦᠬᠦ ᠶᠣᠰᠣᠯᠠᠯ ᠠᠷᠤ ᠬᠤᠷᠴᠢᠨ ᠬᠤᠰᠢᠭᠤᠨ ᠳᠤ ᠶᠠᠪᠤᠭᠳᠠᠪᠠ᠃ ᠠᠷᠤ ᠬᠤᠷᠴᠢᠨ ᠬᠤᠰᠢᠭᠤᠨ ᠤ ᠬᠤᠲᠠ ᠲᠣᠭᠤᠷᠢᠭ ᠳᠠᠬᠢ 8 ᠰᠢᠤᠳᠠᠨ ᠬᠠᠳᠠᠭᠠᠯᠠᠮᠵᠢ ᠶᠢᠨ ᠪᠠᠩᠬᠢ ᠵᠡᠷᠭᠡᠪᠡᠷ ︽ᠨᠡᠶᠢᠭᠡᠮ ᠤᠨ ᠳᠠᠭᠠᠳᠬᠠᠯ · ᠰᠢᠤᠳᠠᠨ ᠤ ᠨᠢᠭᠡ ᠴᠣᠭᠴᠠᠵᠢᠯᠲᠠ︾ ᠶᠢᠨ ᠦᠢᠯᠡᠴᠢᠯᠡᠭᠡᠨ ᠤ ᠴᠡᠭ ᠤᠨ ᠢᠯᠡᠷᠬᠡᠶᠢᠯᠡᠯ ᠡᠯᠭᠦᠨ᠂ ᠨᠡᠶᠢᠭᠡᠮ ᠤᠨ ᠳᠠᠭᠠᠳᠬᠠᠯ ᠤᠨ ᠲᠣᠬᠠᠶᠢᠯᠠᠭᠰᠠᠨ ᠠᠵᠢᠯ ᠢ ᠵᠢᠩᠬᠢᠨᠢ ᠪᠠᠷ ᠭᠠᠷᠲᠠᠨ  ᠭᠦᠢᠴᠡᠣᠡᠭᠡᠵᠤ᠂ ᠠᠷᠤ ᠬᠤᠷᠴᠢᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ︽15 ᠮᠢᠨᠦ᠋ᠲ ᠤᠨ ᠦᠢᠯᠡᠴᠢᠯᠡᠭᠡᠨ ᠤ ᠲᠣᠭᠤᠷᠢᠭ︾ ᠢ ᠠᠮᠵᠢᠯᠲᠠ ᠲᠠᠢ ᠥᠷᠭᠡᠳᠬᠡᠵᠦ᠂ ᠨᠡᠶᠢᠭᠡᠮ ᠤᠨ ᠳᠠᠭᠠᠳᠬᠠᠯ ᠤᠨ ︽ ᠣᠶᠢᠷ᠎ᠠ ᠬᠠᠪᠢ ᠳᠤ ᠨᠢ ᠭᠦᠢᠴᠡᠣᠡᠭᠡᠬᠦ︾ ᠠᠵᠢᠯ ᠢ ᠳᠠᠬᠢᠨᠲᠠ ᠰᠢᠨ᠎ᠡ ᠲᠦᠪᠰᠢᠨ ᠳᠤ ᠬᠦᠷᠭᠡᠭᠰᠡᠨ ᠢ ᠬᠠᠷᠠᠭᠤᠯᠪᠠ᠃
       ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠠᠷᠤ ᠬᠤᠷᠴᠢᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠪᠣᠯᠤᠨ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠠᠷᠤ ᠬᠤᠷᠴᠢᠨ ᠬᠤᠰᠢᠭᠤᠨ ᠳᠠᠬᠢ ᠬᠤᠪᠢᠶᠠᠷᠢ ᠺᠣᠮᠫᠠᠨᠢ ᠶᠢᠨ ᠬᠠᠷᠢᠭᠤᠴᠠᠯᠭᠠᠲᠠᠨ ᠬᠠᠮᠲᠤ ᠪᠠᠷ ᠦᠢᠯᠡᠴᠢᠯᠡᠭᠡᠨ ᠤ ᠴᠡᠭ ᠤᠨ ᠢᠯᠡᠷᠬᠡᠶᠢᠯᠡᠯ ᠢ ᠰᠡᠭᠦᠵᠦ᠂ ᠲᠤᠰ ᠲᠤᠰ ᠪᠠᠶᠠᠷ ᠤᠨ ᠦᠭᠡ ᠬᠡᠯᠡᠵᠡᠶ᠃ ᠠᠷᠤ ᠬᠤᠷᠴᠢᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠵᠢᠭᠠᠬᠤ ᠳᠤ ᠪᠠᠨ᠂ ᠲᠤᠰ ᠭᠡᠷ᠎ᠡ ᠲᠣᠭᠲᠠᠬᠤ ᠨᠢ ︽ᠮᠣᠷᠢᠨ ᠨᠢᠷᠤᠭᠤᠨ ᠳᠡᠭᠡᠷᠡᠬᠢ ᠨᠡᠶᠢᠭᠡᠮ ᠤᠨ ᠳᠠᠭᠠᠳᠬᠠᠯ ᠤᠨ ᠦᠢᠯᠡᠰ︾ ᠤᠨ ᠳᠠᠷᠠᠭᠠᠬᠢ ᠪᠠᠰᠠ ᠨᠢᠭᠡᠨ ᠰᠢᠨ᠎ᠡ ᠡᠭᠦᠳᠦᠯᠲᠡ ᠪᠠᠶᠢᠵᠤ᠂ ᠤᠯᠤᠰ ᠤᠨ ︽ᠨᠡᠶᠢᠭᠡᠮ ᠤᠨ ᠳᠠᠭᠠᠳᠬᠠᠯ ᠤᠨ 15 ᠮᠢᠨᠦ᠋ᠲ ᠤᠨ ᠦᠢᠯᠡᠴᠢᠯᠡᠭᠡᠨ ᠤ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢᠨ ᠤᠳᠤᠷᠢᠳᠤᠮᠵᠢ ᠲᠠᠢ ᠨᠡᠶᠢᠴᠡᠵᠤ᠂ ᠰᠢᠤᠲᠠᠨ ᠤ ᠦᠢᠯᠡᠴᠢᠯᠡᠭᠡᠨ ᠤ ᠴᠡᠭ ᠤᠨ ᠳᠠᠪᠠᠭᠤᠯᠢᠭ ᠢ ᠠᠰᠢᠭᠯᠠᠨ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠪᠥᠬᠦ ᠬᠦᠴᠦᠨ ᠢᠶᠠᠷ ᠢᠶᠠᠨ ᠨᠡᠪᠲᠡᠷᠡᠭᠦᠯᠵᠡᠶ ᠭᠡᠪᠡ᠃ ᠰᠢᠤᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠠᠷᠤ ᠬᠤᠷᠴᠢᠨ ᠬᠤᠰᠢᠭᠤᠨ ᠳᠠᠬᠢ ᠬᠤᠪᠢᠶᠠᠷᠢ ᠺᠣᠮᠫᠠᠨᠢ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠬᠠᠮᠲᠤᠷᠠᠯᠴᠠᠭᠠᠨ ᠤ ᠠᠵᠠ ᠲᠣᠬᠢᠶᠠᠯ ᠢ ᠠᠮᠵᠢᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠯᠠᠨ ᠲᠦᠮᠡᠨ ᠳᠤ ᠳᠥᠭᠦᠮ ᠳᠥᠲᠡ ᠥᠨᠳᠥᠷ ᠪᠦᠲᠦᠮᠵᠢᠲᠡᠶ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡ ᠬᠠᠩᠭᠠᠨ᠂ ︽ᠨᠡᠶᠢᠭᠡᠮ ᠤᠨ ᠳᠠᠭᠠᠳᠬᠠᠯ · ᠰᠢᠤᠳᠠᠨ ᠤ ᠨᠢᠭᠡ ᠴᠣᠭᠴᠠᠵᠢᠯᠲᠠ︾ ᠶᠢ ᠭᠢᠯᠠᠰᠤᠮ᠎ᠡ ᠰᠠᠶᠢᠬᠠᠨ ᠦᠢᠯᠡᠴᠢᠯᠡᠭᠡᠨ ᠤ ᠨᠡᠷ᠎ᠡ ᠶᠢᠨ ᠬᠠᠭᠤᠳᠠᠰᠤ ᠪᠣᠯᠭᠠᠨ᠎ᠠ ᠭᠡᠪᠡ᠃ ᠬᠤᠶᠠᠷ ᠲᠠᠯ᠎ᠠ ᠪᠠᠷ ᠢᠶᠠᠨ ᠪᠠᠰᠠ ᠲᠤᠬᠠᠶ ᠶᠢᠨ ᠲᠠᠯᠠᠪᠠᠢ ᠳᠤ ︽ᠨᠡᠶᠢᠭᠡᠮ ᠤᠨ ᠳᠠᠭᠠᠳᠬᠠᠯ᠂ ᠰᠢᠤᠳᠠᠨ ᠤ ᠨᠢᠭᠡ ᠴᠣᠭᠴᠠᠵᠢᠯᠲᠠ ᠶᠢᠨ ᠪᠠᠶᠢᠯᠳᠣᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠤᠨ ᠪᠢᠴᠢᠭ︾ ᠪᠣᠯᠤᠨ ︽ᠲᠤᠭ᠎ᠠ ᠪᠠᠷᠢᠮᠲᠠ ᠶᠢᠨ ᠠᠮᠤᠷ ᠲᠦᠪᠰᠢᠨ ᠵᠢᠴᠢ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠵᠥᠪᠯᠡᠯᠴᠡᠭᠡᠷ ᠤᠨ ᠪᠢᠴᠢᠭ︾ ᠲᠤ ᠭᠠᠷ ᠤᠨ ᠦᠰᠦᠭ ᠵᠢᠷᠤᠪᠠ᠃
       ᠶᠣᠰᠣᠯᠠᠯ ᠤᠨ ᠳᠠᠷᠠᠭ᠎ᠠ᠂ ᠠᠷᠤ ᠬᠤᠷᠴᠢᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠲᠤᠬᠠᠶᠢᠯᠠᠭᠰᠠᠨ ᠠᠵᠢᠯ ᠤᠨ ᠠᠵᠢᠯᠲᠠᠨ ᠠᠴᠠ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠳᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠴᠠ ᠭᠠᠷᠳᠠᠵᠤ᠂ ᠭᠦᠢᠴᠡᠣᠡᠭᠡᠬᠦ ᠨᠥᠬᠦᠴᠡᠯ᠂ ᠶᠠᠪᠤᠴᠠ ᠵᠢᠴᠢ ᠠᠩᠬᠠᠷᠬᠤ ᠵᠦᠢᠯᠡᠰ ᠢ ᠨᠠᠷᠢᠯᠢᠭ ᠲᠠᠶᠢᠯᠪᠤᠷᠢᠯᠠᠵᠤ᠂ ᠰᠢᠤᠳᠠᠨ ᠤ ᠭᠠᠷᠲᠠᠨ ᠭᠦᠢᠴᠡᠣᠡᠭᠡᠭᠴᠢ ᠶᠢᠨ ᠰᠣᠨᠣᠰᠴᠤ ᠣᠶᠢᠯᠠᠭᠠᠬᠤ᠂ ᠰᠤᠷᠴᠤ ᠴᠢᠳᠠᠬᠤ᠂  ᠬᠡᠷᠡᠭᠯᠡᠵᠦ  ᠳᠡᠶᠢᠯᠬᠦ  ᠶᠢ  ᠦᠨᠡᠨ  ᠬᠦ  ᠪᠠᠲᠤᠯᠠᠪᠠ᠃ ᠳᠠᠷᠠᠭ᠎ᠠ ᠨᠢ᠂ ᠬᠤᠷᠠᠯ ᠳᠤ ᠣᠷᠣᠯᠴᠠᠭᠰᠠᠳ ᠰᠢᠤᠳᠠᠨ ᠬᠠᠳᠠᠭᠠᠯᠠᠮᠵᠢ  ᠶᠢᠨ  ᠪᠠᠩᠬᠢ  ᠶᠢᠨ         ︽ᠨᠡᠶᠢᠭᠡᠮ ᠤᠨ ᠳᠠᠭᠠᠳᠬᠠᠯ · ᠰᠢᠤᠳᠠᠨ ᠤ ᠨᠢᠭᠡ ᠴᠣᠭᠴᠠᠵᠢᠯᠲᠠ︾ ᠶᠢᠨ ᠦᠢᠯᠡᠴᠢᠯᠡᠭᠡᠨ ᠤ ᠴᠡᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠬᠠᠮᠲᠤ ᠪᠠᠷ ᠲᠣᠭᠤᠷᠢᠨ ᠦᠵᠡᠪᠡ᠃ ︵ᠦᠯᠵᠡᠶᠢᠬᠡᠰᠢᠭ᠂ ᠠᠯᠳᠠᠡᠳᠣᠶᠠᠭ᠎ᠠ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号