ᠠᠷᠤ ᠬᠤᠷᠴᠢᠨ ᠬᠤᠰᠢᠭᠤᠨ ᠤ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ ᠤᠨ ᠳᠡᠯᠭᠡᠨ ᠦᠵᠡᠭᠦᠯᠭᠡ ᠶᠢᠨ ᠣᠷᠳᠣᠨ ᠤ ᠨᠡᠭᠡᠭᠡᠯᠲᠡ ᠶᠢᠨ ᠶᠣᠰᠣᠯᠠᠯ ᠵᠢᠴᠢ ︽ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠬᠠᠬᠤ︾ ᠠᠵᠢᠯᠯᠠᠭ᠎ᠠ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2025/4/3
       4 ᠰᠠᠷ᠎ᠠ ᠶᠢᠨ 2 ᠤᠨ ᠡᠳᠦᠷ᠂ ᠠᠷᠤ ᠬᠤᠷᠴᠢᠨ ᠬᠤᠰᠢᠭᠤᠨ ᠤ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠳᠡᠯᠭᠡᠨ ᠦᠵᠡᠭᠦᠯᠭᠡ ᠶᠢᠨ ᠣᠷᠳᠣᠨ ᠤ ᠨᠡᠭᠡᠭᠡᠯᠲᠡ ᠶᠢᠨ ᠶᠣᠰᠣᠯᠠᠯ  ᠵᠢᠴᠢ ︽ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠬᠠᠬᠤ︾ ᠠᠵᠢᠯᠯᠠᠭ᠎ᠠ ᠲᠥᠪ ᠬᠢᠴᠢᠶᠡᠩᠭᠦᠶ ᠠᠭᠤᠷ ᠠᠮᠢᠰᠬᠤᠯ ᠤᠨ ᠳᠤᠮᠳᠠ ᠦᠪᠡᠳᠡᠭᠰᠢ ᠶᠡᠭᠡ ᠪᠠᠷ ᠶᠠᠪᠤᠭᠳᠠᠵᠠᠶ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠩᠳᠠ ᠤᠯᠤᠰ ᠲᠥᠷᠥ ᠶᠢᠨ ᠭᠡᠰᠢᠭᠦᠨ ᠰᠦᠩ ᠵᠢᠶᠠᠨ ᠹᠧᠩ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠰᠢᠤᠢ ᠫᠧᠩ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠢᠦᠶ ᠭᠠᠩ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠤᠳᠬᠤᠨᠪᠠᠶᠠᠷ ᠠᠵᠢᠯᠯᠠᠭ᠎ᠠ ᠳᠤ ᠣᠷᠣᠯᠴᠠᠪᠠ᠃        ᠦᠳᠡ ᠶᠢᠨ ᠡᠮᠦᠨᠡᠬᠢ 8 ᠴᠠᠭ ᠲᠤ᠂ ᠠᠵᠢᠯᠯᠠᠭ᠎ᠠ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠬᠥᠰᠢᠭᠡ ᠪᠠᠨ ᠰᠡᠬᠦᠪᠡ᠃ ᠬᠤᠰᠢᠭᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠳᠡᠯᠭᠡᠨ ᠦᠵᠡᠭᠦᠯᠭᠡ ᠶᠢᠨ ᠣᠷᠳᠣᠨ ᠤ ᠪᠠᠶᠢᠭᠤᠯᠤᠯᠲᠠ ᠵᠢᠴᠢ ᠳᠡᠯᠭᠡᠨ ᠦᠵᠡᠭᠦᠯᠬᠦ ᠪᠠᠶᠢᠳᠠᠯ ᠢ ᠲᠠᠨᠢᠯᠴᠠᠭᠤᠯᠪᠠ᠃ ᠢᠦᠶ ᠭᠠᠩ ᠳᠡᠯᠭᠡᠨ ᠦᠵᠡᠭᠦᠯᠭᠡ ᠶᠢᠨ ᠣᠷᠳᠣᠨ ᠤ ᠪᠠᠶᠢᠭᠤᠯᠤᠭᠳᠠᠭᠰᠠᠨ ᠨᠢ ᠬᠤᠪᠢᠰᠬᠠᠯ ᠤᠨ ᠬᠥᠮᠦᠵᠢᠯ ᠤᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠂ ᠲᠡᠭᠦᠨ ᠤ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠶ ᠭᠡᠵᠡᠶ᠃
       ᠰᠦᠩ ᠵᠢᠶᠠᠨ ᠹᠧᠩ᠂ ᠢᠦᠶ ᠭᠠᠩ ᠬᠠᠮᠲᠤ ᠪᠠᠷ ᠳᠡᠯᠭᠡᠨ ᠦᠵᠡᠭᠦᠯᠭᠡ ᠶᠢᠨ ᠣᠷᠳᠣᠨ ᠤ ᠬᠥᠰᠢᠭᠡ ᠶᠢ ᠰᠡᠬᠦᠪᠡ᠃
       ᠰᠤᠷᠤᠭᠴᠢ ᠶᠢᠨ ᠲᠥᠯᠥᠭᠡᠯᠡᠭᠴᠢ ᠬᠤᠪᠢᠰᠬᠠᠯ ᠤᠨ ᠤᠯᠠᠮᠵᠢᠯᠠᠯ ᠢ ᠵᠠᠯᠭᠠᠮᠵᠢᠯᠠᠨ᠎ᠠ ᠭᠡᠵᠦ ᠡᠷᠡᠰ ᠴᠢᠩᠭ᠎ᠠ ᠲᠠᠩᠭᠠᠷᠢᠭᠯᠠᠪᠠ᠃ ᠪᠦᠬᠦ ᠬᠥᠮᠦᠰ ᠳᠡᠰ ᠳᠠᠷᠠᠭᠠᠯᠠᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ ᠰᠣᠷᠭᠤᠭ ᠴᠡᠴᠡᠭ ᠬᠦᠷᠭᠡᠵᠦ᠂ ᠭᠠᠰᠢᠭᠤᠳᠠᠯ ᠤᠨ ᠮᠥᠷᠥᠭᠡᠳᠦᠯ ᠢᠶᠠᠨ ᠢᠯᠡᠳᠬᠡᠵᠡᠶ᠃ ᠶᠣᠰᠣᠯᠠᠯ ᠳᠠᠭᠤᠰᠤᠭᠰᠠᠨ ᠤ ᠳᠠᠷᠠᠭ᠎ᠠ᠂ ᠡᠯ᠎ᠡ ᠡᠲᠡᠭᠡᠳ ᠤᠨ ᠲᠥᠯᠥᠭᠡᠯᠡᠭᠴᠢᠳ ᠦᠵᠡᠭᠦᠯᠭᠡ ᠶᠢᠨ ᠣᠷᠳᠣᠨ ᠢ ᠡᠮᠬᠢ ᠵᠢᠷᠤᠮ ᠲᠠᠢ ᠪᠠᠷ ᠲᠣᠭᠤᠷᠢᠨ ᠦᠵᠡᠵᠡᠭᠡᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ ᠶᠢ ᠭᠦᠨᠵᠡᠭᠡᠶ ᠣᠶᠢᠯᠠᠭᠠᠵᠤ᠂ ᠰᠦᠷ ᠳᠠᠯᠠᠶᠢᠴᠠᠲᠠᠶ ᠬᠤᠪᠢᠰᠬᠠᠯ ᠤᠨ ᠣᠨ ᠰᠠᠷ᠎ᠠ ᠶᠢ ᠳᠠᠬᠢᠨ ᠡᠷᠭᠢᠴᠡᠭᠦᠯᠪᠡ᠃ ︵ᠰᠠᠶᠢᠬᠠᠠᠬᠤᠸᠠᠷ  ᠤᠷᠭᠤᠮᠠᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号