| | 4 ᠰᠠᠷ᠎ᠠ ᠶᠢᠨ 2 ᠤᠨ ᠡᠳᠦᠷ᠂ ᠠᠷᠤ ᠬᠤᠷᠴᠢᠨ ᠬᠤᠰᠢᠭᠤ ᠪᠥᠬᠦ ᠬᠤᠰᠢᠭᠤᠨ ᠤ ᠣᠢ ᠰᠢᠭᠤᠶ ᠨᠤᠲᠤᠭ | ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠴᠢ ᠪᠣᠯᠪᠠᠰᠤᠨ ᠲᠠᠬᠢᠯᠭ᠎ᠠ ᠶᠢᠨ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠵᠦ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠳᠠᠷᠤᠭ᠎ᠠ ᠭᠦᠸᠧ ᠯᠦ ᠮᠧᠩ ᠠᠵᠢᠯᠯᠠᠭ᠎ᠠ ᠳᠤ ᠣᠷᠣᠯᠴᠠᠪᠠ᠃ | ᠬᠤᠰᠢᠭᠤᠨ ᠠᠷᠠᠳ ᠤᠨ ᠶᠠᠪᠤᠳᠠᠯ ᠤᠨ ᠲᠣᠪᠴᠢᠶᠠᠨ ᠤ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ | ᠬᠡᠯᠡᠪᠡ᠃ | | | | | ᠭᠦᠸᠧ ᠯᠦ ᠮᠧᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠡᠭᠦᠷᠭᠡᠲᠦ ᠪᠣᠳᠣᠯ ᠢᠶᠠᠷ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠭᠠᠯ ᠢ ᠰᠡᠷᠭᠡᠶᠢᠯᠡᠬᠦ | ᠲᠤᠤᠷ ᠢ ᠨᠢᠭᠲᠠ ᠰᠦᠯᠵᠢᠬᠦ ᠬᠡᠷᠡᠭᠲᠡᠶ︔ ᠤᠬᠠᠭᠤᠯᠭ᠎ᠠ ᠰᠤᠷᠲᠠᠯᠴᠢᠯᠠᠭ᠎ᠠ ᠶᠢ ᠰᠡᠳᠬᠢᠯ ᠵᠢᠷᠦᠬᠡᠨ ᠳᠤ ᠪᠠᠨ | ᠬᠠᠳᠠᠩᠰᠢᠭᠤᠯᠵᠤ᠂ ᠪᠥᠬᠦ ᠠᠷᠠᠳ ᠢᠶᠠᠷ ᠢᠶᠠᠨ ᠭᠠᠯ ᠢ ᠰᠡᠷᠭᠡᠶᠢᠯᠡᠬᠦ ᠤᠷᠳᠤᠮᠵᠢ ᠶᠢᠨ ᠲᠣᠭᠲᠠᠴᠠ ᠶᠢ ᠬᠠᠮᠲᠤ ᠪᠠᠷ | ᠪᠠᠶᠢᠭᠤᠯᠬᠤ ᠶᠢ ᠪᠠᠷᠢᠮᠲᠠᠯᠠᠬᠤ ᠬᠡᠷᠡᠭᠲᠡᠶ︔ ᠭᠠᠯ ᠤᠨ ᠡᠬᠢ ᠰᠤᠷᠪᠤᠯᠵᠢ ᠶᠢ ᠴᠢᠩᠭ᠎ᠠ ᠬᠠᠮᠢᠶᠠᠷᠤᠨ ᠴᠢᠩᠭ᠎ᠠ | ᠡᠵᠡᠮᠳᠡᠬᠦ ᠶᠢ ᠪᠠᠷᠢᠮᠲᠠᠯᠠᠵᠤ᠂ ᠬᠠᠲᠠᠭᠤ ᠴᠢᠩᠭ᠎ᠠ ᠠᠷᠭ᠎ᠠ ᠪᠠᠷᠢᠯ ᠢᠶᠠᠷ ᠠᠶᠤᠯ ᠲᠦᠭᠰᠢᠭᠦᠷᠢ ᠳᠠᠯᠳᠠ ᠭᠡᠮ ᠢ | ᠠᠷᠢᠯᠭᠠᠬᠤ ᠬᠡᠷᠡᠭᠲᠡᠶ︔ ᠡᠩᠨᠡᠭᠡᠨ ᠤ ᠪᠠᠶᠢᠩᠭᠤ ᠶᠢᠨ ᠪᠣᠯᠪᠠᠰᠤᠷᠠᠯ ᠢ ᠪᠠᠷᠢᠮᠲᠠᠯᠠᠵᠤ᠂ ᠪᠣᠳᠠᠲᠤ ᠪᠠᠶᠢᠯᠳᠤᠭᠠᠨ ᠤ | ᠴᠢᠳᠠᠪᠤᠷᠢ ᠪᠠᠷ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠶ︔ ᠰᠢᠨᠵᠢᠯᠡᠬᠦ ᠤᠬᠠᠭᠠᠨ | ᠮᠡᠷᠭᠡᠵᠢᠯ ᠢᠶᠠᠷ ᠭᠠᠯ ᠢ ᠰᠡᠷᠭᠡᠶᠢᠯᠡᠬᠦ ᠶᠢ ᠪᠠᠷᠢᠮᠲᠠᠯᠠᠵᠤ᠂ ᠣᠶᠤᠨᠴᠢ ᠠᠷᠭ᠎ᠠ ᠪᠠᠷᠢᠯ ᠢᠶᠠᠷ ᠭᠠᠯ ᠢ ᠰᠡᠷᠭᠡᠶᠢᠯᠡᠨ ᠡᠵᠡᠮᠳᠡᠬᠦ | ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ︽ᠴᠠᠭ ᠢᠮᠠᠭᠲᠠ ᠰᠡᠳᠬᠢᠯ ᠲᠠᠯᠪᠢᠬᠤ︾ ᠬᠠᠷᠢᠭᠤᠴᠠᠯᠭᠠᠲᠤ ᠰᠡᠳᠬᠢᠯᠭᠡ | ᠬᠢᠭᠡᠳ ᠨᠢᠮᠪᠠᠶ ᠬᠢᠴᠢᠶᠡᠩᠭᠦᠶ ᠲᠤᠯᠭᠠᠮ᠎ᠠ ᠰᠡᠳᠬᠢᠯᠭᠡ ᠪᠠᠷ ᠪᠦᠬᠦ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ | ᠭᠠᠯ ᠲᠦᠢᠮᠡᠷ ᠢ ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠡᠷᠡᠰ ᠴᠣᠭᠴᠠᠯᠠᠬᠤ ᠬᠡᠷᠡᠭᠲᠡᠶ ᠭᠡᠵᠡᠶ᠃ | | | | | | | | ᠠᠵᠢᠯᠯᠠᠭ᠎ᠠ ᠨᠢ ᠪᠠᠰᠠ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠡᠷᠭᠡᠨ ᠠᠩᠭᠢ ᠶᠢᠨ ᠤᠬᠠᠭᠤᠯᠭ᠎ᠠ ᠬᠢᠬᠦ ᠵᠡᠷᠭᠡ ᠠᠷᠭ᠎ᠠ ᠬᠡᠯᠪᠡᠷᠢ ᠪᠠᠷ | ᠣᠯᠠᠨ ᠲᠦᠮᠡᠨ ᠤ ᠪᠣᠯᠪᠠᠰᠤᠨ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠰᠠᠨᠠᠭᠠᠴᠢᠯᠠᠵᠤ᠂ ᠣᠢ ᠰᠢᠭᠤᠶ ᠨᠤᠲᠤᠭ | ᠪᠡᠯᠴᠢᠭᠡᠷ ᠤᠨ ᠭᠠᠯ ᠲᠦᠢᠮᠡᠷ ᠡᠭᠦᠰᠬᠦ ᠶᠢ ᠴᠢᠩᠭ᠎ᠠ ᠰᠡᠷᠭᠡᠶᠢᠯᠡᠪᠡ᠃ ︵ᠯᠢᠦ ᠰᠢᠨ ᠲᠢᠩ ᠴᠠᠯᠮᠡᠭ︶ | | |