4 ᠰᠠᠷ᠎ᠠ ᠶᠢᠨ 2 ᠠᠴᠠ 3 ᠤ ᠡᠳᠦᠷ ᠪᠣᠯᠲᠠᠯ᠎ᠠ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶ᠎ᠠ | ᠣᠨᠣᠯ ᠤᠨ ᠭᠤᠤᠯᠯᠠᠬᠤ ᠲᠣᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠶᠢᠨ ᠬᠤᠷᠠᠯ ᠵᠢᠴᠢ ᠲᠥᠪ ᠤᠨ | ᠨᠠᠢᠮᠡᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠨᠣᠮ ᠤᠩᠰᠢᠬᠤ ᠠᠩᠭᠢ ᠶᠢ ᠡᠷᠬᠢᠯᠡᠪᠡ᠃ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ᠂ | ᠲᠥᠪ ᠬᠤᠷᠢᠶᠠᠨ ᠤ ᠨᠠᠢᠮᠡᠨ ᠵᠤᠷᠪᠤᠰ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠣᠶᠢᠯᠠᠭᠠᠪᠠ᠃ ᠬᠤᠰᠢᠭᠤᠨ ᠳᠠᠭᠠᠨ ᠪᠠᠶᠢᠭ᠎ᠠ ᠰᠢᠶᠠᠨ ᠭᠠᠵᠠᠷ ᠤᠨ ᠳᠡᠰ ᠤᠨ | ᠤᠳᠤᠷᠢᠳᠤᠯᠭ᠎ᠠ ᠰᠤᠷᠤᠯᠴᠠᠯᠭ᠎ᠠ ᠳᠤ ᠣᠷᠣᠯᠴᠠᠪᠠ᠃ ᠨᠣᠮ ᠤᠩᠰᠢᠬᠤ ᠠᠩᠭᠢ ᠨᠢ ᠲᠥᠪᠯᠡᠷᠡᠩᠭᠦᠶ ᠥᠪᠡᠷ ᠢᠶᠠᠨ | ᠰᠤᠷᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠪᠠᠷ ᠶᠠᠪᠤᠭᠳᠠᠭᠤᠯᠪᠠ᠃ | | | | ᠸᠧᠶ ᠪᠢᠯᠢᠭ ᠳ᠋ᠦᠩᠨᠡᠯᠲᠡ ᠳᠡᠭᠡᠨ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠪᠣᠯ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠨᠠᠮ ᠤᠨ | ᠲᠥᠷᠥ ᠪᠠᠷᠢᠬᠤ ᠰᠠᠭᠤᠷᠢ ᠶᠢ ᠪᠠᠬᠢᠵᠢᠭᠦᠯᠬᠦ ᠶᠢᠨ ᠴᠢᠬᠤᠯᠠ ᠪᠠᠲᠤᠯᠠᠭ᠎ᠠ᠂ ᠴᠢᠨᠠᠷ ᠰᠠᠶᠢᠳᠡᠢ ᠬᠥᠭᠵᠢᠯᠲᠡ ᠶᠢ | ᠠᠬᠢᠭᠤᠯᠬᠤ ᠶᠢᠨ ᠪᠣᠳᠠᠲᠤ ᠬᠡᠷᠡᠭᠴᠡᠭᠡ ᠮᠥᠨ᠃ ᠡᠯ᠎ᠡ ᠰᠢᠶᠠᠨ ᠭᠠᠵᠠᠷ ᠤᠨ ᠳᠡᠰ ᠤᠨ ᠤᠳᠤᠷᠢᠳᠤᠯᠭ᠎ᠠ | ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢᠶᠠᠨ ᠭᠦᠢᠴᠡᠣᠨ ᠪᠠᠳᠠᠷᠠᠭᠤᠯᠵᠤ᠂ ᠰᠢ ᠶᠢᠨ ᠫᠢᠩ | ᠶᠡᠷᠦᠩᠬᠡᠶ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ᠂ | ᠲᠥᠪ ᠬᠤᠷᠢᠶᠠᠨ ᠤ ᠨᠠᠢᠮᠡᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠦᠭᠡ | ᠥᠭᠦᠯᠡᠪᠦᠷᠢ ᠳᠠᠷᠠᠭᠠᠯᠠᠨ ᠰᠤᠷᠤᠯᠴᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠠᠭᠤᠯᠤᠭᠳᠠᠬᠤᠨ ᠴᠢᠬᠤᠯᠠ | ᠠᠭᠤᠯᠭ᠎ᠠ ᠪᠠ ᠦᠢᠯᠡᠳᠣᠯᠭᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠣᠶᠢᠯᠠᠭᠠᠨ᠂ ᠲᠡᠭᠦᠨ ᠢ ᠥᠪᠡᠷ ᠤᠨ ᠦᠵᠡᠯ | ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠪᠥᠬᠦ ᠬᠤᠰᠢᠭᠤᠨ ᠤ ᠥᠷᠭᠡᠨ | ᠣᠯᠠᠨ ᠨᠠᠮ ᠤᠨ ᠭᠡᠰᠢᠭᠦᠨ ᠺᠠᠳ᠋ᠷᠴᠤᠳ ᠲᠤ ᠦᠯᠢᠭᠡᠷ ᠳᠠᠭᠤᠷᠢᠶᠠᠯ ᠪᠣᠯᠬᠤ ᠬᠡᠷᠡᠭᠲᠡᠶ ᠭᠡᠵᠡᠶ᠃ | ᠸᠧᠶ ᠪᠢᠯᠢᠭ ᠴᠢᠬᠤᠯᠠᠴᠢᠯᠠᠬᠤ ᠳᠠᠭᠠᠨ᠂ ᠡᠯ᠎ᠡ ᠰᠢᠶᠠᠨ ᠭᠠᠵᠠᠷ ᠤᠨ ᠳᠡᠰ ᠤᠨ ᠤᠳᠤᠷᠢᠳᠤᠯᠭ᠎ᠠ | ᠰᠤᠷᠲᠠᠯ ᠤᠨ ᠪᠠᠶᠢᠭᠤᠯᠤᠯᠲᠠ ᠶᠢᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡᠳᠦᠭᠡᠷ ᠬᠠᠷᠢᠭᠤᠴᠠᠯᠭᠠᠲᠠᠨ︾ ᠪᠣᠯᠤᠨ ︽ᠨᠢᠭᠡ | ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠡᠭᠦᠷᠭᠡ ᠬᠠᠷᠢᠭᠤᠴᠠᠯᠭ᠎ᠠ ᠪᠠᠨ ᠴᠢᠩᠭ᠎ᠠ | ᠭᠦᠢᠴᠡᠣᠡᠭᠡᠵᠤ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠣᠯᠤᠨ ᠳᠠᠭᠠᠭᠠᠴᠢᠯᠠᠨ ᠬᠤᠯᠪᠣᠭᠠᠯᠠᠭᠰᠠᠨ ᠭᠠᠵᠠᠷ | ᠣᠷᠣᠨ ᠳᠤ ᠭᠦᠡᠵᠡᠭᠡᠶᠢᠷᠡᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠣᠳᠠᠲᠠᠶ ᠭᠠᠵᠠᠷ ᠲᠤᠨᠢ | ᠬᠢᠨᠠᠨ ᠵᠢᠯᠣᠭᠤᠳᠴᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠰᠠᠬᠢᠯᠭ᠎ᠠ ᠪᠠᠲᠤ ᠶᠢ ᠲᠡᠮᠦᠷ | ᠮᠡᠲᠦ ᠪᠠᠲᠤ ᠰᠠᠬᠢᠬᠤ ᠰᠤᠷᠲᠠᠯ ᠤᠨ ᠰᠡᠷᠭᠡᠶᠢᠯᠡᠯᠲᠡ ᠶᠢᠨ ᠱᠤᠭᠤᠮ ᠢ ᠴᠠᠭ ᠢᠮᠠᠭᠲᠠ ᠪᠠᠲᠤ ᠴᠣᠭᠴᠠᠯᠠᠵᠤ᠂ ᠰᠤᠷᠲᠠᠯ | ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠦᠷᠭᠦᠯᠵᠢᠯᠡᠨ ᠪᠤᠢ ᠪᠣᠯᠭᠠᠬᠤ ᠬᠡᠷᠡᠭᠲᠡᠶ᠃ ᠦᠷ᠎ᠡ | ᠪᠦᠲᠦᠭᠡᠯ ᠤᠨ ᠬᠤᠪᠢᠷᠠᠭᠤᠯᠤᠯᠲᠠ ᠶᠢ ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ ᠢ ︽ᠬᠤᠶᠠᠷ ᠶᠡᠭᠡ ᠶᠠᠪᠤᠳᠠᠯ︾ | ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠪᠠ | ︽ᠠᠷᠪᠠᠨ ᠶᠡᠭᠡ ᠠᠵᠢᠯᠯᠠᠭ᠎ᠠ︾ ᠥᠷᠨᠢᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠳᠤᠨ ᠤ | ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠳᠡᠢ | ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠶ᠃ | ᠬᠤᠶᠠᠷ ᠡᠳᠦᠷ ᠤᠨ ᠲᠤᠷᠰᠢ᠂ ᠬᠤᠷᠠᠯ ᠳᠤ ᠣᠷᠣᠯᠴᠠᠭᠰᠠᠨ ᠨᠥᠬᠦᠳ ᠬᠤᠰᠢᠭᠤᠨ ᠨᠠᠮ ᠤᠨ ᠬᠤᠷᠢᠶᠠᠨ ᠤ | ᠨᠠᠮ ᠤᠨ ᠰᠤᠷᠭᠠᠭᠤᠯᠢ ᠳᠤ ᠥᠪᠡᠷ ᠢᠶᠠᠨ ᠲᠥᠪᠯᠡᠷᠡᠭᠦᠯᠦᠨ ᠰᠤᠷᠤᠯᠴᠠᠵᠤ᠂ ᠵᠢᠭᠠᠨ ᠲᠣᠭᠲᠠᠭᠠᠭᠰᠠᠨ ᠨᠣᠮ ᠤᠨ | ᠭᠠᠷᠴᠠᠭ ᠪᠠ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠰᠤᠳᠤᠯᠤᠨ ᠤᠩᠰᠢᠪᠠ᠃ ᠣᠯᠠᠨ ᠢᠶᠠᠷ ᠢᠶᠠᠨ ᠰᠠᠨᠠᠯ ᠨᠢᠭᠡᠲᠡᠶ | ᠢᠯᠡᠷᠬᠡᠶᠢᠯᠡᠭᠰᠡᠨ ᠨᠢ᠂ ᠡᠨᠡ ᠤᠳᠠᠭᠠᠨ ᠤ ᠨᠣᠮ ᠤᠩᠰᠢᠬᠤ ᠠᠩᠭᠢ ᠪᠠᠷ ᠳᠠᠮᠵᠢᠭᠤᠯᠤᠨ᠂ ᠤᠯᠤᠰ ᠲᠥᠷᠥ ᠶᠢᠨ | ᠥᠨᠳᠥᠷᠴᠡ ᠠᠴᠠ ᠰᠤᠷᠲᠠᠯ ᠤᠨ ᠪᠠᠶᠢᠭᠤᠯᠤᠯᠲᠠ ᠶᠢᠨ ᠲᠤᠬᠠᠶ ᠳᠠᠬᠢᠨ ᠲᠠᠨᠢᠯᠲᠠ᠂ ᠳᠠᠬᠢᠨ ᠭᠦᠡᠵᠡᠭᠡᠶᠢᠷᠡᠯ ᠬᠢᠵᠦ᠂ | ᠲᠥᠪ ᠬᠤᠷᠢᠶᠠᠨ ᠤ ᠨᠠᠢᠮᠡᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠦᠵᠡᠯ ᠰᠠᠨᠠᠭᠠᠨ ᠤ | ᠤᠬᠠᠮᠰᠠᠷ᠂ ᠤᠯᠤᠰ ᠲᠥᠷᠥ ᠶᠢᠨ ᠤᠬᠠᠮᠰᠠᠷ ᠪᠠ ᠠᠵᠢᠯᠯᠠᠭᠠᠨ ᠤ ᠤᠬᠠᠮᠰᠠᠷ ᠢ ᠤᠯᠠᠮ ᠨᠢᠭᠡ ᠠᠯᠬᠤᠮ | ᠴᠢᠩᠭᠠᠷᠠᠭᠤᠯᠵᠠᠶ᠃ ︵ᠯᠢ ᠬᠤᠸᠠᠨ ᠢᠦᠶ︶ |