ᠱᠤᠤ ᠪᠠᠯᠭᠠᠰᠤ ᠶᠢᠨ ᠤᠷᠢᠬᠠᠨ ᠬᠠᠪᠤᠷ ᠨᠠᠰᠤᠲᠠᠶᠢᠴᠤᠳ ᠤᠨ ᠤᠷᠠᠯᠢᠭ ᠤᠨ ᠨᠡᠶᠢᠭᠡᠮᠯᠢᠭ ᠠᠴᠠ        ︽5· 1︾ ᠢ ᠤᠭᠲᠤᠬᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/30
       ︽5 · 1︾ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 4 ᠰᠠᠷ᠎ᠠ ᠶᠢᠨ 29 ᠤ ᠡᠳᠦᠷ᠂ ᠱᠣᠣ ᠪᠠᠯᠭᠠᠰᠤ ᠶᠢᠨ ᠤᠷᠢᠬᠠᠨ ᠬᠠᠪᠤᠷ ᠨᠠᠰᠣᠳᠠᠶᠢᠴᠤᠤᠨ ᠤᠨ ᠤᠷᠠᠯᠢᠭ ᠤᠨ  ᠨᠡᠶᠢᠭᠡᠮᠯᠢᠭ ᠤᠨ ᠬᠢᠨ ᠱᠤᠤ ᠪᠠᠯᠭᠠᠰᠤ ᠶᠢᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠲᠥᠪ ᠲᠤ ᠬᠦᠷᠴᠦ᠂ ᠲᠣᠭᠯᠠᠯᠲᠠ ᠶᠢᠨ ᠠᠵᠢᠯᠯᠠᠭ᠎ᠠ ᠥᠷᠨᠢᠭᠦᠯᠦᠨ ᠤᠶᠠᠩᠭ᠎ᠠ ᠳᠠᠭᠤᠤ ᠪᠠᠷ ᠢᠶᠠᠨ ᠬᠠᠯᠠᠭᠤᠨ ᠳᠤᠯᠠᠭᠠᠨ ᠢᠶᠠᠨ ᠢᠯᠡᠳᠬᠡᠵᠦ ᠰᠡᠳᠬᠢᠯ ᠤᠨ ᠡᠭᠡᠰᠢᠭ ᠢᠶᠠᠷ ᠢᠶᠠᠨ ᠨᠠᠰᠤᠲᠠᠳ ᠢᠶᠠᠨ ᠪᠠᠶᠠᠰᠬᠠᠪᠠ᠃
       ᠠᠵᠢᠯᠯᠠᠭ᠎ᠠ ᠳᠤ᠂ ᠤᠷᠢᠬᠠᠨ ᠬᠠᠪᠤᠷ ᠨᠠᠰᠤᠲᠠᠶᠢᠴᠤᠳ ᠤᠨ ᠤᠷᠠᠯᠢᠭ ᠤᠨ ᠨᠡᠶᠢᠭᠡᠮᠯᠢᠭ ᠤᠨ ᠭᠡᠰᠢᠭᠦᠳ ᠬᠡᠭᠡᠨᠴᠢᠷ ᠰᠠᠶᠢᠬᠠᠨ ᠬᠤᠪᠴᠠᠰᠤ ᠵᠠᠰᠠᠯ ᠢᠶᠠᠷ ᠢᠶᠠᠨ ᠭᠤᠶᠣᠯᠠᠨ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠥᠷ ᠬᠥᠭᠵᠢᠶᠡᠨᠲᠦ ᠠᠶᠠᠰ ᠤᠨ ᠳᠤᠮᠳᠠ ᠲᠣᠭᠯᠠᠯᠲᠠ ᠪᠠᠨ ᠡᠬᠢᠯᠡᠭᠦᠯᠵᠦ᠂ ᠬᠤᠤᠰᠯᠠᠯ ᠳᠠᠭᠤᠤ᠂ ᠨᠠᠶᠢᠷᠠᠯ ᠳᠠᠭᠤᠤ᠂ ᠪᠥᠵᠢᠭ ᠵᠢᠴᠢ ᠮᠣᠷᠢᠨ ᠬᠤᠭᠤᠷ᠂ ᠳᠥᠷᠪᠡᠨ ᠤᠲᠠᠰᠤᠲᠤ ᠬᠤᠭᠤᠷ ᠵᠡᠷᠭᠡ ᠤᠯᠠᠮᠵᠢᠯᠠᠯᠲᠤ ᠬᠥᠭᠵᠢᠮᠳᠡᠭᠦᠷ ᠤᠨ ᠭᠤᠶᠢᠳᠠ ᠰᠠᠶᠢᠬᠠᠨ ᠲᠣᠭᠯᠠᠯᠲᠠ ᠤᠳ ᠨᠢ ᠲᠤᠬᠠᠶ ᠶᠢᠨ ᠲᠠᠯᠠᠪᠠᠢ ᠶᠢᠨ ᠨᠠᠰᠤᠲᠠᠨ ᠣᠯᠠᠨ ᠤ ᠬᠠᠯᠠᠭᠤᠨ ᠠᠯᠠᠭ᠎ᠠ ᠲᠠᠰᠢᠯᠲᠠ ᠶᠢ ᠣᠯᠵᠤ᠂ ᠰᠠᠶᠢᠰᠢᠶᠠᠯ ᠪᠠᠭ᠋ᠠᠷᠬᠠᠯ ᠢ ᠨᠢ ᠲᠠᠲᠠᠭᠰᠠᠨ ᠪᠠᠶᠢᠨ᠎ᠠ᠃
       ᠲᠣᠭᠯᠠᠯᠲᠠ ᠳᠤ ᠪᠠᠰᠠ ᠬᠤᠰᠢᠭᠤᠨ ᠰᠣᠶᠣᠯ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠭᠤᠷᠪᠠᠨ ᠪᠠᠭᠰᠢ ᠶᠢ ᠤᠷᠢᠵᠤ ᠵᠢᠭᠠᠨ ᠵᠢᠯᠣᠭᠤᠳᠤᠯᠭ᠎ᠠ ᠬᠢᠯᠭᠡᠭᠰᠡᠨ ᠪᠥᠭᠡᠳ ᠪᠠᠭᠰᠢ ᠨᠠᠷ ᠠᠴᠠ ᠤᠷᠠᠯᠢᠭᠴᠢᠳ ᠲᠠᠢ ᠬᠠᠮᠲᠤᠪᠠᠷ ︽ᠪᠤᠶᠠᠨᠲᠠᠶ ᠪᠤᠭᠤᠷᠤᠯ ᠠᠪᠤ ᠮᠢᠨᠢ︾ ᠭᠡᠬᠦ ᠬᠠᠮᠲᠤ ᠶᠢᠨ ᠳᠠᠭᠤᠤ ᠶᠢᠨ ᠲᠣᠭᠯᠠᠯᠲᠠ ᠭᠠᠷᠭᠠᠵᠤ᠂ ᠨᠠᠰᠣᠳᠠᠶᠢᠴᠤᠤᠨ ᠤᠨ ᠰᠣᠨᠣᠷ ᠢ ᠪᠠᠶᠠᠰᠬᠠᠨ ᠰᠡᠳᠬᠢᠯ ᠢ ᠨᠢ ᠳᠤᠯᠠᠭᠠᠴᠠᠭᠤᠯᠪᠠ᠃ ᠲᠤᠰ ᠤᠳᠠᠭᠠᠨ ᠤ ᠠᠵᠢᠯᠯᠠᠭ᠎ᠠ  ᠨᠢ ᠨᠠᠰᠣᠳᠠᠶᠢᠴᠤᠤᠨ ᠤᠨ ᠣᠶᠤᠨ ᠰᠠᠨᠠᠭᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠨᠡᠶᠢᠭᠡᠮ ᠤᠨ ᠬᠠᠶᠢᠷ᠎ᠠ ᠬᠠᠯᠠᠮᠵᠢ ᠶᠢ ᠳᠠᠮᠵᠢᠭᠤᠯᠤᠭᠰᠠᠨ ᠢᠶᠠᠷ ᠪᠠᠷᠠᠬᠤ ᠥᠬᠡᠶ᠂ ᠨᠠᠰᠤᠲᠠᠨ ᠢᠶᠠᠨ ᠬᠦᠨᠳᠦᠯᠡᠵᠤ ᠨᠢᠯᠬᠠᠰ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠭᠦᠢᠴᠡᠣᠨ ᠪᠠᠳᠠᠷᠠᠭᠤᠯᠪᠠ᠃ ᠱᠣᠣ ᠪᠠᠯᠭᠠᠰᠤ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠢᠳᠡᠪᠬᠢᠲᠡᠶ ᠥᠷᠨᠢᠭᠦᠯᠵᠦ᠂ ᠨᠠᠰᠤᠲᠠᠨ ᠢ ᠠᠰᠠᠷᠠᠬᠤ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠦᠨ᠂ ᠨᠡᠶᠢᠭᠡᠮ ᠤᠨ ᠬᠦᠴᠦᠨ ᠢ ᠨᠢᠭᠲᠠᠷᠠᠭᠤᠯᠵᠤ᠂ ᠨᠠᠰᠤᠲᠠᠶᠢᠴᠤᠳ ᠤᠨ ᠥᠲᠡᠯᠦᠭᠡ ᠨᠠᠰᠤᠨ ᠤ ᠠᠮᠢᠳᠤᠷᠠᠯ ᠳᠤ ᠨᠠᠩ ᠣᠯᠠᠨ ᠪᠠᠶᠠᠷ ᠪᠠᠭ᠋ᠠᠳᠤᠯ ᠬᠦᠷᠭᠡᠨ᠂ ᠵᠣᠯ ᠵᠢᠷᠭᠠᠯ ᠣᠯᠭᠤᠬᠤ ᠪᠣᠯᠤᠨ᠎ᠠ᠃                                        ᠴᠢᠮᠡᠭᠡᠯᠡᠭᠴᠢ᠄ ᠶᠢᠨ ᠬᠤᠸᠠ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号