ᠠᠷᠤ ᠬᠤᠷᠴᠢᠨ ᠬᠤᠰᠢᠭᠤ ᠮᠢᠩᠭᠠᠨ ᠬᠥᠮᠦᠨ ᠤ ᠢᠳᠡᠷᠡᠭᠦᠨ ᠠᠯᠬᠤᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/30
       ︽5 · 1︾ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠪᠠ ︽5 · 4︾ ᠤ ᠵᠠᠯᠠᠭᠤᠴᠤᠳ ᠤᠨ ᠪᠠᠶᠠᠷ ᠢ ᠪᠡᠯᠭᠡᠯᠡᠬᠦ ᠶᠢᠨ ᠲᠥᠯᠥᠭᠡ᠂ 4 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠠᠷᠤ ᠬᠤᠷᠴᠢᠨ ᠬᠤᠰᠢᠭᠤ ︽ᠬᠤᠤᠰ ᠬᠦᠨᠳᠦᠴᠡ ᠶᠢ ᠬᠥᠩᠭᠡᠯᠡᠵᠦ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠢᠳᠡᠷᠡᠭᠦᠨ ᠠᠯᠬᠤᠭ᠎ᠠ ᠪᠠᠷ ᠤᠷᠤᠭᠰᠢᠯᠠᠵᠤ ᠰᠢᠨ᠎ᠡ ᠬᠠᠭᠤᠳᠠᠰᠤ ᠶᠢ ᠪᠢᠴᠢᠭᠯᠡᠨᠡᠮ︾ ᠭᠡᠬᠦ ᠮᠢᠩᠭᠠᠨ ᠬᠥᠮᠦᠨ ᠤ ᠢᠳᠡᠷᠡᠭᠦᠨ ᠠᠯᠬᠤᠬᠤ ᠠᠵᠢᠯᠯᠠᠭ᠎ᠠ ᠥᠷᠨᠢᠭᠦᠯᠵᠦ᠂ ᠪᠥᠬᠦ ᠬᠤᠰᠢᠭᠤᠨ ᠤ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠢᠩᠭ᠎ᠠ ᠰᠢᠬᠠᠮ ᠺᠠᠳ᠋ᠷ ᠠᠵᠢᠯᠲᠠᠨ ᠤ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠶ᠃
       ᠲᠤᠰ ᠤᠳᠠᠭᠠᠨ ᠤ ᠠᠵᠢᠯᠯᠠᠭ᠎ᠠ ᠶᠢ ᠬᠤᠰᠢᠭᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠭᠤᠤᠯᠯᠠᠨ ᠡᠷᠬᠢᠯᠡᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠠᠷᠤ ᠬᠤᠷᠴᠢᠨ ᠬᠤᠰᠢᠭᠤᠨ ᠤ ᠬᠤᠷᠢᠶ᠎ᠠ᠂ ᠠᠷᠤ ᠬᠤᠷᠴᠢᠨ ᠬᠤᠰᠢᠭᠤᠨ ᠤ ᠰᠣᠶᠣᠯ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠲᠣᠪᠴᠢᠶ᠎ᠠ ᠳᠠᠭᠠᠭᠠᠴᠢᠯᠠᠨ ᠡᠷᠬᠢᠯᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠴᠤᠤᠷᠢᠶᠠᠲᠤᠨ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠲᠠᠷᠢᠶᠠᠯᠠᠩ ᠬᠤᠳᠠᠯᠳᠤᠭ᠎ᠠ ᠶᠢ ᠠᠭᠤᠰᠤᠯᠴᠠᠭᠤᠯᠬᠤ ᠠᠵᠢᠯᠯᠠᠭ᠎ᠠ ᠶᠢ ᠪᠣᠳᠠᠲᠠᠶ ᠳᠤ ᠨᠠᠶᠢᠳᠠᠪᠣᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠪᠠᠷ ᠵᠣᠷᠢᠯᠭ᠎ᠠ ᠪᠣᠯᠭᠠᠪᠠ᠃
       ᠡᠬᠢᠯᠡᠯᠲᠡ ᠶᠢᠨ ᠶᠣᠰᠣᠯᠠᠯ ᠳᠡᠭᠡᠷ᠎ᠡ᠂ ᠵᠠᠯᠠᠭᠤᠴᠤᠳ ᠤᠨ ᠲᠥᠯᠥᠭᠡᠯᠡᠭᠴᠢ ᠠᠴᠠ ᠦᠭᠡ ᠬᠡᠯᠡᠵᠦ᠂ ᠬᠤᠰᠢᠭᠤᠨ ᠡᠪᠯᠡᠯ ᠤᠨ ᠬᠤᠷᠢᠶ᠎ᠠ ᠶᠢᠨ ᠭᠤᠤᠯ ᠬᠠᠷᠢᠭᠤᠴᠠᠯᠭᠠᠲᠠᠨ ᠪᠠᠶᠠᠷ ᠤᠨ ᠦᠭᠡ ᠬᠡᠯᠡᠭᠰᠡᠨ ᠪᠥᠭᠡᠳ ᠠᠵᠢᠯᠯᠠᠭ᠎ᠠ ᠡᠬᠢᠯᠡᠭᠰᠡᠨ ᠢ ᠵᠠᠷᠯᠠᠪᠠ᠃ ᠤᠯᠠᠭᠠᠨᠮᠥ᠋ᠴᠢᠷ ᠤᠨ ᠲᠣᠭᠯᠠᠭᠴᠢᠳ ᠠᠴᠠ ᠭᠤᠶᠢᠳᠠ ᠰᠠᠶᠢᠬᠠᠨ ᠲᠣᠭᠯᠠᠯᠲᠠ ᠭᠠᠷᠭᠠᠨ ᠬᠦᠴᠦᠨ ᠨᠡᠮᠡᠵᠦ᠂ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠪᠠ᠃
       ᠡᠬᠢᠯᠡᠯᠲᠡ ᠶᠢᠨ ᠪᠦᠷᠢᠶ᠎ᠡ ᠲᠣᠣᠭᠠᠷᠬᠤ ᠶᠢ ᠳᠠᠭᠠᠯᠳᠤᠨ᠂ ᠮᠢᠩᠭ᠎ᠠ ᠭᠠᠷᠤᠶ ᠣᠷᠣᠯᠴᠠᠭᠴᠢ ᠤᠷᠢᠳᠴᠢᠯᠠᠨ ᠲᠣᠭᠲᠠᠭᠠᠭᠰᠠᠨ ᠵᠠᠮ ᠢ ᠲᠠᠭᠠᠨ ᠢᠳᠡᠷᠡᠭᠦᠨ ᠠᠯᠬᠤᠭ᠎ᠠ ᠪᠠᠨ ᠡᠬᠢᠯᠡᠭᠦᠯᠵᠡᠶ᠂ ᠣᠯᠠᠨ ᠢᠶᠠᠷ ᠢᠶᠠᠨ ᠠᠮᠢ ᠠᠬᠤᠶ ᠶᠢᠨ ᠨᠣᠭᠤᠭᠠᠷᠠᠭᠤᠯᠤᠯᠲᠠ ᠶᠢᠨ ᠵᠠᠮ ᠢᠶᠠᠷ ᠠᠯᠬᠤᠨ ᠤᠷᠤᠭᠰᠢᠯᠠᠵᠤ᠂ 5 ᠺᠢᠯᠣᠮᠧᠲᠷ ᠤᠨ ᠢᠳᠡᠷᠡᠭᠦᠨ ᠠᠯᠬᠤᠭ᠎ᠠ ᠳᠤᠮᠳᠠ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠬᠠᠪᠤᠷ ᠤᠨ ᠭᠤᠶᠢᠳᠠ ᠦᠵᠡᠮᠵᠢ ᠶᠢ ᠰᠣᠨᠢᠷᠬᠠᠵᠤ᠂ ᠭᠠᠷ ᠤᠲᠠᠰᠤ ᠪᠠᠨ ᠭᠠᠷᠭᠠᠨ ᠵᠢᠷᠤᠭ ᠰᠡᠭᠦᠳᠡᠷ ᠲᠠᠲᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢᠶᠠᠨ ᠳᠤᠷᠠᠰᠬᠠᠯ ᠪᠣᠯᠭᠠᠨ ᠦᠯᠡᠳᠡᠭᠡᠨ᠎ᠡ᠃  
       ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠪᠠᠰᠠ ᠠᠵᠢᠯᠯᠠᠭ᠎ᠠ ᠳᠤ ᠣᠷᠣᠯᠴᠠᠭᠰᠠᠳ ᠲᠤ ᠳᠤᠷᠠᠰᠬᠠᠯ ᠤᠨ ᠡᠳ᠋ ᠪᠣᠳᠠᠰ ᠲᠠᠷᠬᠠᠭᠠᠵᠤ᠂ ᠲᠡᠳᠡ ᠨᠠᠷ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠳᠤ ᠢᠳᠡᠪᠬᠢᠲᠡᠶ ᠣᠷᠣᠯᠴᠠᠭᠰᠠᠨ ᠳᠤ ᠬᠥᠬᠢᠭᠦᠯᠦᠯ ᠰᠠᠶᠢᠰᠢᠶᠡᠯ ᠦᠵᠡᠭᠦᠯᠪᠡ᠃
       ︽ᠬᠤᠤᠰ ᠬᠦᠨᠳᠦᠴᠡ ᠶᠢ ᠬᠥᠩᠭᠡᠯᠡᠵᠦ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠢᠳᠡᠷᠡᠭᠦᠨ ᠠᠯᠬᠤᠭ᠎ᠠ ᠪᠠᠷ ᠤᠷᠤᠭᠰᠢᠯᠠᠵᠤ ᠰᠢᠨ᠎ᠡ ᠬᠠᠭᠤᠳᠠᠰᠤ ᠶᠢ ᠪᠢᠴᠢᠭᠯᠡᠨᠡᠮ︾ ᠭᠡᠬᠦ ᠮᠢᠩᠭᠠᠨ ᠬᠥᠮᠦᠨ ᠤ ᠢᠳᠡᠷᠡᠭᠦᠨ ᠠᠯᠬᠤᠬᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠪᠦᠬᠦ ᠬᠤᠰᠢᠭᠤᠨ ᠤ ᠠᠷᠠᠳ ᠲᠦᠮᠡᠨ ᠳᠤ ᠥᠪᠡᠷ ᠢ ᠪᠠᠨ ᠢᠯᠡᠷᠡᠭᠦᠯᠬᠦ᠂ ᠰᠣᠯᠢᠯᠴᠠᠭ᠎ᠠ ᠪᠠᠨ ᠨᠡᠮᠡᠭᠳᠡᠭᠦᠯᠬᠦ ᠲᠠᠪᠴᠠᠩ ᠬᠠᠩᠭᠠᠭᠰᠠᠨ ᠮᠥᠷᠲᠡᠭᠡᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠲᠦᠯᠬᠢᠨ ᠠᠬᠢᠭᠤᠯᠬᠤ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠤᠨ ᠨᠡᠮᠡᠷᠢᠯᠡᠭᠰᠡᠨ ᠪᠠᠶᠢᠨ᠎ᠠ᠃ ︵ᠰᠠᠶᠢᠬᠠᠡᠬᠤᠸᠠᠷ᠂ ᠯᠢᠦ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号