ᠬᠤᠰᠢᠭᠤᠨ ᠵᠠᠰᠠᠭ ᠤᠨ ᠣᠷᠳᠣᠨ 2025 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠠᠶᠤᠯᠭᠦᠶ ᠦᠢᠯᠡᠣᠡᠪᠣᠷᠢᠯᠡᠯ ᠤᠨ ᠵᠥᠪᠯᠡᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/30
       4 ᠰᠠᠷ᠎ᠠ ᠶᠢᠨ 28 ᠤ ᠦᠳᠡ ᠶᠢᠨ ᠡᠮᠦᠨ᠎ᠡ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ 2025 ᠣᠨ ᠤ ᠬᠤᠰᠢᠭᠤᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠠᠶᠤᠯᠭᠦᠶ ᠦᠢᠯᠡᠣᠡᠪᠣᠷᠢᠯᠡᠯ ᠤᠨ ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃        ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠬᠤᠯᠠ ᠶᠡᠭᠡ ᠤᠴᠢᠷ ᠶᠠᠪᠤᠳᠠᠯ ᠤᠨ ᠵᠢᠭᠠᠪᠤᠷᠢ ᠠᠪᠴᠤ ᠮᠡᠳᠡᠭᠦᠯᠬᠦ ᠳᠦᠷᠢᠮ︾᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︿ᠭᠤᠷᠪᠠᠨ ᠴᠢᠬᠤᠯᠠ ᠨᠢᠭᠡ ᠶᠡᠭᠡ﹀ ᠬᠡᠷᠡᠭ ᠶᠠᠪᠤᠳᠠᠯ ᠤᠨ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠵᠢᠯᠣᠭᠤᠳᠬᠤ ᠰᠠᠨᠠᠯ︾ ᠢ ᠬᠠᠮᠲᠤ ᠪᠠᠷ ᠰᠤᠷᠤᠯᠴᠠᠪᠠ᠃
               ᠬᠤᠷᠠᠯ ᠠᠴᠠ ᠠᠷᠤ ᠬᠤᠷᠴᠢᠨ ᠬᠤᠰᠢᠭᠤᠨ ᠤ ︽ᠠᠷᠪᠠᠨ ᠶᠡᠭᠡ ᠠᠵᠢᠯᠯᠠᠭ᠎ᠠ︾ ᠶᠢᠨ ᠬᠡᠷᠡᠭᠵᠢᠭᠦᠯᠬᠦ ᠲᠥᠰᠦᠯ ︵ᠶᠠᠷᠢᠯᠴᠠᠬᠤ ᠨᠣᠣᠷᠠᠭ︶ ᠢ ᠬᠢᠨᠠᠨ ᠵᠥᠪᠯᠡᠵᠦ ᠪᠠᠲᠤᠯᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ᠂ ᠠᠵᠢᠯ ᠤᠨ ᠠᠷᠭ᠎ᠠ ᠬᠡᠮᠵᠢᠶ᠎ᠡ᠂ ᠪᠡᠶᠡᠯᠡᠭᠦᠯᠬᠦ ᠴᠠᠭ ᠤᠨ ᠬᠢᠵᠠᠭᠠᠷ ᠢ ᠵᠦᠢᠯ ᠳᠠᠷᠠᠭᠠᠯᠠᠨ ᠨᠠᠷᠢᠯᠢᠭᠵᠢᠭᠤᠯᠤᠨ ᠲᠣᠭᠲᠠᠭᠠᠵᠤ᠂ ᠲᠥᠷᠥᠯ ᠵᠦᠢᠯᠴᠢᠯᠡᠨ ᠨᠠᠷᠢᠨ ᠳᠠᠩᠰᠠ ᠪᠠᠷ ᠠᠬᠢᠭᠤᠯᠬᠤ ᠲᠣᠭᠲᠠᠴᠠ ᠶᠢ ᠪᠠᠶᠢᠭᠤᠯᠤᠨ᠂ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃        ᠬᠤᠷᠠᠯ ᠠᠴᠠ ︽ᠠᠷᠤ ᠬᠤᠷᠴᠢᠨ ᠬᠤᠰᠢᠭᠤᠨ ᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠲᠤᠬᠠᠶ ᠠᠷᠭ᠎ᠠ ᠬᠡᠮᠵᠢᠶ᠎ᠡ ᠨᠦᠭᠦᠳ ︵ᠶᠠᠷᠢᠯᠴᠠᠬᠤ ᠨᠣᠣᠷᠠᠭ︶︾ ᠢ ᠬᠢᠨᠠᠨ ᠵᠥᠪᠯᠡᠵᠦ ᠪᠠᠲᠤᠯᠠᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭ᠎ᠠ ᠶᠢᠨ ᠲᠣᠭᠤᠷᠢᠨ ᠳᠤ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠣᠯᠭᠤᠬᠤ ᠲᠥᠷᠥ ᠶᠢᠨ ᠪᠣᠳᠣᠯᠭ᠎ᠠ ᠪᠠᠷ ᠲᠡᠳᠬᠦᠬᠦ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠬᠡᠷᠡᠭᠲᠡᠶ ᠭᠡᠵᠦ ᠴᠢᠬᠤᠯᠠᠴᠢᠯᠠᠵᠠᠶ᠃        ᠬᠤᠷᠠᠯ ᠠᠴᠠ ︽ᠠᠷᠤ ᠬᠤᠷᠴᠢᠨ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ︵ᠡᠪᠳᠡᠵᠦ ᠰᠦᠢᠣᠡᠭᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ ︵ᠶᠠᠷᠢᠯᠴᠠᠬᠤ ᠨᠣᠣᠷᠠᠭ︶︾ ᠢ ᠬᠢᠨᠠᠨ ᠵᠥᠪᠯᠡᠵᠦ ᠪᠠᠲᠤᠯᠠᠨ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠨᠢ ᠴᠢᠩᠭ᠎ᠠ ᠬᠠᠮᠢᠶᠠᠷᠬᠤ᠂ ᠦᠷ᠎ᠡ ᠳ᠋ᠦᠩ ᠢ ᠨᠢ ᠴᠢᠩᠭ᠎ᠠ ᠰᠢᠢᠣᠡᠭᠡᠬᠦ ᠶᠢ ᠪᠠᠷᠢᠮᠲᠠᠯᠠᠵᠤ᠂ ᠰᠦᠪᠡᠭᠴᠢ ᠶᠢ ᠪᠠᠶᠢᠴᠠᠭᠠᠨ ᠵᠢᠭᠰᠠᠭᠠᠬᠤ᠂ ᠠᠰᠠᠭᠤᠳᠠᠯ ᠢ ᠬᠠᠷᠭᠤᠭᠤᠯᠤᠨ ᠪᠠᠶᠢᠴᠠᠭᠠᠬᠤ ᠪᠠ ᠰᠤᠳᠤᠯᠤᠨ ᠮᠠᠭᠠᠳᠯᠠᠵᠤ ᠰᠢᠢᠳᠪᠦᠷᠢᠯᠡᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠣᠢ ᠰᠢᠭᠤᠶ ᠨᠤᠲᠤᠭ ᠪᠡᠯᠴᠢᠭᠡᠷ ᠢ ᠡᠪᠳᠡᠵᠦ  ᠰᠦᠢᠣᠡᠭᠡᠬᠦ ᠶᠢ ᠬᠤᠷᠢᠭᠯᠠᠬᠤ ᠶᠡᠷᠦᠩᠬᠡᠶ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃        ᠬᠤᠷᠠᠯ ᠠᠴᠠ ᠪᠦᠬᠦ ᠬᠤᠰᠢᠭᠤᠨ ᠤ ᠠᠶᠤᠯᠭᠦᠶ ᠦᠢᠯᠡᠣᠡᠪᠣᠷᠢᠯᠡᠯ ᠤᠨ ᠠᠵᠢᠯ ᠤᠨ ᠬᠤᠯᠪᠣᠭᠳᠠᠯ ᠪᠦᠬᠦᠢ ᠪᠠᠶᠢᠳᠡᠯ ᠢ ᠰᠣᠨᠣᠰᠴᠤ᠂ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠪᠥᠬᠦ ᠠᠵᠢᠯ ᠤᠨ ᠪᠠᠶᠢᠷᠢ ᠶᠢᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠳᠠᠷᠤᠶ ᠲᠦᠷᠭᠡᠨ ᠥᠷᠨᠢᠭᠦᠯᠵᠦ᠂ ᠪᠥᠬᠦ ᠬᠦᠷᠢᠶᠡᠨ ᠳᠠᠬᠢ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠰᠢᠯᠤᠭᠤᠳᠬᠠᠨ᠂ ᠪᠥᠬᠦ ᠬᠤᠰᠢᠭᠤᠨ ᠤ ᠠᠶᠤᠯᠭᠦᠶ ᠦᠢᠯᠡᠣᠡᠪᠣᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃        ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃        ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠯᠦ ᠮᠧᠩ᠂ ᠸᠠᠩ ᠶᠤᠸᠠᠨ ᠪᠢᠨ᠂ ᠭᠦᠸᠧ ᠶᠦᠩ ᠮᠢᠩ᠂ ᠢᠦᠶ ᠭᠠᠩ᠂ ᠶᠠᠨ ᠰᠢᠤᠸᠠᠢ ᠲᠤᠤ᠂ ᠮᠦ ᠭᠦᠸᠧ ᠳ᠋ᠦᠩ ᠵᠡᠷᠭᠡ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃ ︵ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号