ᠴᠧᠨ ᠬᠤ᠋ ᠨᠠᠨ ᠬᠤᠰᠢᠭᠤᠨ ᠠᠷᠪᠠᠨ  ᠨᠠᠢᠮᠠᠳᠣᠭᠠᠷ  ᠬᠤᠭᠤᠴᠠᠭᠠᠨ  ᠤ  ᠠᠷᠠᠳ ᠤᠨ  ᠵᠠᠰᠠᠭ ᠤᠨ  ᠣᠷᠳᠣᠨ ᠤ  ᠨᠠᠮ ᠤᠨ  ᠤᠳᠤᠷᠢᠳᠬᠤ  ᠳᠤᠭᠤᠶᠢᠯᠠᠩ ᠤᠨ  2025  ᠣᠨ  ᠤ  ᠲᠠᠪᠤᠳᠤᠭᠠᠷ  ᠤᠳᠠᠭᠠᠨ  ᠤ ︵ᠥᠷᠭᠡᠳᠬᠡᠭᠰᠡᠨ︶ ᠬᠤᠷᠠᠯ ᠵᠢᠴᠢ ᠳᠤᠤᠷ᠎ᠠ ᠠᠭᠠᠷ ᠤᠨ ᠠᠵᠤ ᠠᠬᠤᠶ ᠶᠢᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/30
       4 ᠰᠠᠷ᠎ᠠ ᠶᠢᠨ 29 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠲᠠᠪᠤᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠳᠤᠤᠷ᠎ᠠ ᠠᠭᠠᠷ ᠤᠨ ᠠᠵᠤ ᠠᠬᠤᠶ ᠶᠢᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃        ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ︽ᠰᠢᠨ᠎ᠡ ᠴᠢᠨᠠᠷ ᠪᠦᠬᠦᠢ ᠦᠢᠯᠡᠣᠡᠪᠣᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠣᠲᠣᠭᠠᠳᠤ  ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ︽ᠥᠪᠡᠷᠲᠡᠭᠡᠨ ᠵᠠᠰᠠᠬᠤ ᠣᠷᠣᠨ ᠤ ᠳᠤᠤᠷ᠎ᠠ ᠠᠭᠠᠷ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ ︵2024 - 2027 ᠣᠨ︶︾ ᠳᠤ ᠲᠠᠶᠢᠯᠣᠮᠵᠢ ᠬᠢᠵᠦ᠂ ᠪᠦᠬᠦ ᠬᠤᠰᠢᠭᠤᠨ ᠤ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠪᠠ ᠳᠤᠤᠷ᠎ᠠ ᠠᠭᠠᠷ ᠤᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠵᠠᠷᠯᠠᠨ ᠮᠡᠳᠡᠭᠳᠡᠬᠦ ᠶᠢᠨ ᠬᠠᠮᠲᠤ᠂ ᠰᠧᠴᠤᠸᠠᠨ ᠤ ᠵᠥᠩ ᠺᠧ ᠨᠠᠨ ᠲᠢᠶᠠᠨ ᠮᠧᠨ ᠠᠭᠠᠷ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠢ ᠯᠠᠩ ᠢ ᠤᠷᠢᠵᠤ ᠳᠤᠤᠷ᠎ᠠ ᠠᠭᠠᠷ ᠤᠨ ᠠᠵᠤ ᠠᠬᠤᠶ ᠶᠢᠨ ᠬᠥᠭᠵᠢᠯᠲᠡ ᠶᠢᠨ ᠢᠷᠡᠭᠡᠳᠦᠶ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠡᠷᠡᠭᠯᠡᠭᠡᠨ ᠤ ᠠᠬᠤᠶ ᠪᠠᠶᠢᠳᠠᠯ ᠵᠡᠷᠭᠡ ᠲᠠᠯ᠎ᠠ ᠪᠠᠷ ᠲᠤᠰᠬᠠᠶ ᠰᠡᠳᠦᠪᠲᠦ ᠵᠢᠯᠣᠭᠤᠳᠤᠯᠭ᠎ᠠ ᠬᠢᠯᠭᠡᠪᠡ᠃
       ᠬᠤᠷᠠᠯ ᠠᠴᠠ ᠵᠢᠭᠠᠵᠤ ᠭᠠᠷᠭᠠᠭᠰᠠᠨ ᠨᠢ᠂ ᠳᠤᠤᠷ᠎ᠠ ᠠᠭᠠᠷ ᠤᠨ ᠠᠵᠤ ᠠᠬᠤᠶ ᠨᠢ ᠰᠢᠨ᠎ᠡ ᠦᠢᠯᠡᠣᠡᠪᠣᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠴᠢᠭᠯᠡᠯ ᠪᠣᠯᠤᠭᠰᠠᠨ ᠤ ᠬᠤᠪᠢ ᠳᠤ᠂ ᠠᠵᠤ ᠦᠢᠯᠡᠰ ᠤᠨ ᠬᠡᠯᠬᠢᠶ᠎ᠡ ᠤᠷᠳᠣ᠂ ᠬᠡᠷᠡᠭᠯᠡᠭᠡᠨ ᠤ ᠠᠬᠤᠶ ᠪᠠᠶᠢᠳᠠᠯ ᠥᠷᠭᠡᠨ ᠪᠠᠶᠢᠵᠤ᠂ ᠠᠷᠤ ᠬᠤᠷᠴᠢᠨ ᠬᠤᠰᠢᠭᠤᠨ ᠤ ᠥᠷᠢᠰᠥᠯᠳᠦᠭᠡᠨ ᠤ ᠳᠠᠪᠠᠭᠤᠯᠢᠭ ᠢ ᠪᠤᠶᠢᠵᠢᠭᠤᠯᠤᠨ ᠬᠥᠭᠵᠢᠭᠦᠯᠬᠦ ᠰᠢᠨ᠎ᠡ ᠤᠷᠤᠯᠳᠤᠭᠠᠨ ᠤ ᠵᠠᠮ ᠪᠣᠯᠬᠤ ᠪᠥᠭᠡᠳ ᠰᠠᠭᠤᠷᠢ ᠨᠥᠬᠦᠴᠡᠯ ᠰᠠᠶᠢᠳᠡᠢ ᠨᠡᠮᠡᠭᠳᠡᠯ ᠤᠨ ᠲᠦᠢᠯ ᠲᠠᠢ ᠪᠠᠶᠢᠵᠤ᠂ ᠯᠣᠲᠤ ᠶᠡᠭᠡ ᠵᠠᠬ᠎ᠠ ᠳᠡᠯᠭᠡᠭᠦᠷ ᠤᠨ ᠳᠠᠯᠳᠠ ᠬᠦᠴᠦᠨ ᠬᠠᠳᠠᠭᠠᠯᠠᠭᠳᠠᠵᠤ ᠪᠠᠶᠢᠳᠠᠭ ᠭᠡᠪᠡ᠃        ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠵᠠᠰᠠᠭ ᠤᠨ ᠣᠷᠳᠣᠨ ᠤ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠮᠠᠨ ᠤ ᠬᠤᠰᠢᠭᠤᠨ ᠤ ᠪᠣᠳᠠᠲᠤ ᠪᠠᠶᠢᠳᠡᠯ ᠲᠠᠢ ᠨᠢᠭᠲᠠ ᠤᠶᠠᠯᠳᠤᠭᠤᠯᠤᠨ᠂ ᠵᠢᠯᠣᠭᠤᠳᠬᠤ ᠴᠢᠨᠠᠷᠲᠠᠶ᠂ ᠤᠷᠢᠲᠠᠴᠢ ᠴᠢᠨᠠᠷᠲᠠᠶ᠂ ᠬᠡᠷᠡᠭᠵᠢᠭᠦᠯᠵᠦ ᠪᠣᠯᠬᠤᠶᠢᠴᠠ ᠴᠢᠨᠠᠷ ᠪᠦᠬᠦᠢ ᠳᠤᠤᠷ᠎ᠠ ᠠᠭᠠᠷ ᠤᠨ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠳᠤᠤᠷ᠎ᠠ ᠠᠭᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠳᠤᠤᠷ᠎ᠠ ᠠᠭᠠᠷ ᠤᠨ ᠨᠢᠰᠦᠭᠦᠷ ᠦᠢᠯᠡᠣᠡᠬᠦ᠂ ᠳᠤᠤᠷ᠎ᠠ ᠠᠭᠠᠷ ᠤᠨ ᠡᠵᠡᠩᠨᠡᠯᠲᠡ ᠦᠢᠯᠡᠴᠢᠯᠡᠭᠡ ᠵᠡᠷᠭᠡ ᠬᠦᠷᠢᠶ᠎ᠡ ᠶᠢᠨ ᠲᠣᠭᠤᠷᠢᠨ ᠳᠤ ᠰᠢᠯᠢᠳᠡᠭ ᠲᠥᠷᠥᠯ ᠵᠦᠢᠯ ᠢ ᠰᠢᠰᠲ᠋ᠧᠮ ᠲᠠᠢ ᠲᠥᠯᠥᠪᠵᠢᠭᠦᠯᠵᠦ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠶ᠃ ᠣᠳᠣ ᠪᠠᠶᠢᠭ᠎ᠠ ᠠᠵᠤ ᠦᠢᠯᠡᠰ ᠤᠨ ᠬᠡᠪᠴᠢᠶ᠎ᠡ ᠪᠣᠯᠤᠨ ᠰᠠᠭᠤᠷᠢ ᠪᠡᠯᠡᠳᠬᠡᠮᠵᠢ ᠳᠤ ᠲᠦᠰᠢᠭᠯᠡᠨ᠂ ᠠᠷᠤ ᠬᠤᠷᠴᠢᠨ ᠨᠢᠰᠬᠡᠯ ᠤᠨ ᠪᠠᠭᠤᠳᠠᠯ ᠢ ᠥᠷᠭᠡᠳᠬᠡᠨ ᠪᠠᠶᠢᠭᠤᠯᠵᠤ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠬᠠᠨ ᠠᠭᠤᠯᠠ ᠨᠢᠰᠬᠡᠯ ᠤᠨ ᠪᠠᠭᠤᠳᠠᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ︽ᠳᠤᠤᠷ᠎ᠠ ᠠᠭᠠᠷ + ᠰᠣᠶᠣᠯ ᠵᠢᠭᠤᠯᠴᠢᠯᠠᠯ᠂ ᠪᠠᠴᠢᠮ ᠪᠠᠶᠢᠳᠠᠯ ᠢ ᠠᠷᠭᠠᠴᠠᠭᠠᠬᠤ᠂ ᠰᠤᠷᠭᠠᠨ ᠬᠥᠮᠦᠵᠢᠯ᠂ ᠲᠠᠷᠢᠶᠠᠯᠠᠩ︾ ᠵᠡᠷᠭᠡ ︽ᠳᠤᠤᠷ᠎ᠠ ᠠᠭᠠᠷ +︾ ᠬᠡᠷᠡᠭᠯᠡᠭᠡᠨ ᠤ ᠠᠬᠤᠶ ᠪᠠᠶᠢᠳᠠᠯ ᠢ ᠠᠷᠭ᠎ᠠ ᠰᠦᠪᠡᠭᠴᠢᠯᠡᠨ ᠪᠠᠶᠢᠷᠢᠰᠢᠭᠤᠯᠵᠤ᠂ ᠳᠤᠤᠷ᠎ᠠ ᠠᠭᠠᠷ ᠤᠨ ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠶ᠃ ᠬᠥᠭᠵᠢᠯᠲᠡ ᠶᠢᠨ ᠬᠠᠷᠰᠢ ᠰᠠᠭᠠᠳ ᠢ ᠠᠷᠢᠯᠭᠠᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠳᠤᠤᠷ᠎ᠠ ᠠᠭᠠᠷ ᠤᠨ ᠠᠵᠤ ᠠᠬᠤᠶ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠪᠠᠨ ᠲᠦᠷᠭᠡᠳᠬᠡᠨ ᠬᠤᠷᠳᠤᠴᠠ ᠲᠠᠢ ᠬᠥᠭᠵᠢᠬᠦ ᠶᠢ ᠠᠬᠢᠭᠤᠯᠬᠤ ᠬᠡᠷᠡᠭᠲᠡᠶ ᠭᠡᠪᠡ᠃        ᠬᠤᠷᠠᠯ ᠠᠴᠠ ᠡᠮᠦᠨ᠎ᠡ᠂ ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠪᠣᠯᠤᠨ ᠰᠧᠴᠤᠸᠠᠨ ᠤ ᠵᠦᠩ ᠺᠧ ᠨᠠᠨ ᠲᠢᠶᠠᠨ ᠮᠧᠨ ᠠᠭᠠᠷ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠠᠷᠢᠯᠴᠠᠭ᠎ᠠ ᠥᠷᠨᠢᠭᠦᠯᠦᠨ ᠰᠠᠨᠠᠯ ᠢᠶᠠᠨ ᠰᠣᠯᠢᠯᠴᠠᠪᠠ᠃  ︵ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号