ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠪᠣᠯᠤᠨ ᠾᠧᠪᠸᠢ ᠶᠢᠨ ᠱᠧᠨ ᠨᠠᠩ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠣᠯᠭᠠᠭᠤᠯᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2025/4/30
       4 ᠰᠠᠷ᠎ᠠ ᠶᠢᠨ 29 ᠤ ᠡᠳᠦᠷ᠂ ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠪᠣᠯᠤᠨ ᠾᠧᠪᠸᠢ ᠶᠢᠨ ᠱᠧᠨ ᠨᠠᠩ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠣᠯᠭᠠᠭᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠧᠨ ᠬᠤ᠋ ᠨᠠᠨ᠂ ᠾᠧᠪᠸᠢ ᠶᠢᠨ ᠱᠧᠨ ᠨᠠᠩ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠶᠠ ᠫᠢᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠠᠬᠢᠯᠭᠠᠨ ᠲᠧᠭᠨᠢᠭ ᠤᠨ ᠰᠤᠳᠤᠯᠭᠠᠨ ᠤ ᠭᠠᠵᠠᠷ ᠤᠨ ᠰᠤᠳᠤᠯᠭᠠᠨ ᠤ ᠬᠡᠯᠲᠡᠰ ᠤᠨ ᠡᠷᠬᠢᠯᠡᠭᠴᠢ ᠵᠠᠩ ᠵᠢᠩ ᠶᠧ᠂ ᠥᠪᠥᠷ ᠮᠣᠩᠭᠤᠯ ᠤᠨ ᠪᠧᠶ ᠴᠧᠨ ᠣᠶᠤᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ᠂ ᠾᠧᠪᠸᠢ ᠶᠢᠨ ᠱᠧᠨ ᠨᠠᠩ ᠠᠵᠤ ᠦᠢᠯᠡᠰ ᠤᠨ ᠪᠦᠯᠦᠭᠯᠡᠯ ᠤᠨ ᠵᠥᠪᠯᠡᠭᠴᠢ ᠺᠦ᠋ ᠪᠦ᠋ ᠴᠢ ᠬᠤᠷᠠᠯ ᠳᠤ ᠣᠷᠣᠯᠴᠠᠪᠠ᠃        ᠬᠤᠷᠠᠯ ᠳᠡᠭᠡᠷ᠎ᠡ᠂ ᠾᠧᠪᠸᠢ ᠶᠢᠨ ᠱᠧᠨ ᠨᠠᠩ ᠠᠵᠤ ᠦᠢᠯᠡᠰ ᠤᠨ ᠪᠦᠯᠦᠭᠯᠡᠯ ᠠᠴᠠ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠬᠦᠷᠢᠶ᠎ᠡ᠂ ᠮᠡᠷᠭᠡᠵᠢᠯ ᠤᠨ ᠬᠡᠷᠡᠭᠯᠡᠭᠡ ᠵᠢᠴᠢ ᠬᠥᠭᠵᠢᠯᠲᠡ ᠶᠢᠨ ᠪᠠᠶᠢᠷᠢᠰᠢᠭᠤᠯᠤᠯᠲᠠ ᠵᠡᠷᠭᠡ ᠪᠠᠶᠢᠳᠠᠯ ᠢᠶᠠᠨ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠠᠩᠬᠠᠨ ᠤ ᠬᠤᠭᠤᠴᠠᠭᠠᠨ ᠤ 20 ᠲᠦᠮᠡᠨ ᠬᠢᠯᠦᠸᠠᠲ ᠤᠨ ᠴᠠᠬᠢᠯᠭᠠᠨ ᠲᠤᠤᠷ ᠤᠨ ᠬᠠᠵᠠᠭᠤ ᠶᠢᠨ ᠴᠠᠬᠢᠯᠭᠠᠨ ᠢᠯᠴᠢᠲᠦ ᠬᠠᠶᠢᠯᠤᠮᠠᠯ ᠴᠢᠯᠠᠭᠤᠯᠢᠭ ᠤᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠵᠠᠶ᠃
       ᠴᠧᠨ ᠬᠣ᠋ ᠨᠠᠨ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ᠂ ᠯᠢ ᠶᠠ ᠫᠢᠩ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠾᠧᠪᠸᠢ ᠶᠢᠨ ᠱᠧᠨ ᠨᠠᠩ ᠠᠵᠤ ᠦᠢᠯᠡᠰ ᠤᠨ ᠪᠦᠯᠦᠭᠯᠡᠯ ᠪᠣᠯ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠮᠡᠷᠭᠡᠵᠢᠯ ᠤᠨ ᠰᠤᠳᠤᠯᠭᠠᠨ ᠪᠣᠯᠤᠨ ᠲᠤᠷᠰᠢᠯᠲᠠ ᠶᠢᠨ ᠬᠥᠭᠵᠢᠯᠲᠠ ᠶᠢᠨ ᠬᠦᠷᠢᠶᠡᠨ ᠤ ᠳᠠᠭᠠᠭᠤᠯᠤᠭᠴᠢ ᠠᠵᠤ ᠠᠬᠤᠶᠢᠯᠠᠯ ᠪᠠᠶᠢᠵᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠠᠬᠢᠯᠭᠠᠨ ᠲᠧᠭᠨᠢᠭ ᠤᠨ ᠰᠤᠳᠤᠯᠭᠠᠨ ᠤ ᠭᠠᠵᠠᠷ ᠨᠢ ᠤᠯᠤᠰ ᠤᠨ ᠡᠨᠧᠷᠭᠢ ᠪᠣᠯᠤᠨ ᠴᠠᠬᠢᠯᠭᠠᠨ ᠤ ᠢᠨᠵᠧᠨᠧᠷᠢᠩ ᠤᠨ ᠬᠦᠷᠢᠶᠡᠨ ᠳᠤ ᠪᠠᠶᠢᠯᠳᠤᠬᠤ ᠪᠣᠳᠣᠯᠭ᠎ᠠ ᠶᠢᠨ ᠬᠥᠲᠥᠯᠥᠨ ᠳᠠᠭᠠᠭᠤᠯᠬᠤ ᠪᠠᠶᠢᠷᠢ ᠰᠠᠭᠤᠷᠢ ᠲᠠᠢ ᠪᠠᠶᠢᠵᠤ᠂ ᠴᠥᠮ ᠮᠠᠰᠢ ᠴᠢᠩᠭ᠎ᠠ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠪᠣᠯᠤᠨ ᠥᠷᠢᠰᠥᠯᠳᠦᠬᠦ ᠬᠦᠴᠦᠨ ᠲᠠᠢ ᠶᠤᠮ᠃ ᠣᠶᠢᠷ᠎ᠠ ᠶᠢᠨ ᠵᠢᠯ ᠳᠤ᠂ ᠠᠷᠤ ᠬᠤᠷᠴᠢᠨ ᠬᠤᠰᠢᠭᠤ ᠨᠢ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠢᠨ᠎ᠡ ᠡᠨᠧᠷᠭᠢ ᠶᠢᠨ ᠳᠠᠪᠠᠭᠤᠯᠢᠭ ᠠᠵᠤ ᠦᠢᠯᠡᠰ ᠢ ᠬᠦᠴᠦᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃ ᠬᠤᠶᠠᠷ ᠲᠠᠯ᠎ᠠ ᠪᠠᠷ ᠢᠶᠠᠨ ᠲᠤᠰ ᠤᠳᠠᠭᠠᠨ ᠤ ᠰᠣᠯᠢᠯᠴᠠᠨ ᠶᠠᠷᠢᠯᠴᠠᠬᠤ ᠪᠠᠷ ᠠᠵᠠ ᠲᠣᠬᠢᠶᠠᠯ ᠪᠣᠯᠭᠠᠵᠤ᠂ ᠤᠰᠤ ᠲᠠᠲᠠᠵᠤ ᠡᠨᠧᠷᠭᠢ ᠬᠠᠳᠠᠭᠠᠯᠠᠬᠤ᠂ ᠬᠠᠶᠢᠯᠤᠮᠠᠯ ᠴᠢᠯᠠᠭᠤᠯᠢᠭ ᠤᠨ ᠡᠨᠧᠷᠭᠢ ᠬᠠᠳᠠᠭᠠᠯᠠᠬᠤ᠂ ᠠᠷᠢᠭᠤᠨ ᠴᠡᠪᠡᠷ ᠳᠤᠯᠠᠭᠠᠯᠠᠭ᠎ᠠ ᠬᠠᠩᠭᠠᠬᠤ᠂ ᠡᠨᠧᠷᠭᠢ ᠰᠢᠩᠭᠡᠭᠡᠬᠦ ᠵᠡᠷᠭᠡ ᠬᠦᠷᠢᠶᠡᠨ ᠤ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠠᠩ ᠣᠯᠠᠨ ᠴᠢᠨᠠᠷ ᠰᠠᠶᠢᠲᠠᠶ ᠲᠥᠷᠥᠯ ᠵᠦᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠂ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃        ᠯᠢ ᠶᠠ ᠫᠢᠩ ᠢᠯᠡᠷᠬᠡᠶᠢᠯᠡᠬᠦ ᠳᠡᠭᠡᠨ᠂ ᠠᠷᠤ ᠬᠤᠷᠴᠢᠨ ᠬᠤᠰᠢᠭᠤᠨ ᠤ ᠡᠬᠢ ᠪᠠᠶᠠᠯᠢᠭ ᠡᠯᠪᠡᠭ᠂ ᠠᠵᠤ ᠦᠢᠯᠡᠰ ᠤᠨ ᠢᠵᠢ ᠪᠦᠷᠢᠳᠦᠯ ᠲᠡᠭᠦᠯᠳᠡᠷ᠂ ᠬᠡᠷᠡᠭᠯᠡᠭᠡᠨ ᠤ ᠠᠬᠤᠶ ᠪᠠᠶᠢᠳᠠᠯ ᠣᠯᠠᠨ ᠡᠰᠢᠵᠢᠵᠦ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠰᠠᠶᠢᠨ ᠪᠠᠶᠢᠵᠤ᠂ ᠨᠠᠩ ᠰᠠᠶᠢᠨ ᠬᠥᠭᠵᠢᠯᠲᠡ ᠶᠢᠨ ᠢᠷᠡᠭᠡᠳᠦᠶ ᠲᠠᠢ ᠶᠤᠮ᠃ ᠪᠦᠯᠦᠭᠯᠡᠯ ᠨᠢ ᠡᠬᠢ ᠪᠠᠶᠠᠯᠢᠭ᠂ ᠮᠡᠷᠭᠡᠵᠢᠯ᠂ ᠲᠠᠪᠴᠠᠩ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠣᠨ ᠪᠠᠳᠠᠷᠠᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠬᠦᠴᠦᠯᠡᠬᠦ ᠴᠡᠭ᠂ ᠨᠡᠶᠢᠯᠡᠯ ᠴᠡᠭ ᠢ ᠣᠨᠣᠪᠴᠢᠲᠠᠶ ᠣᠯᠵᠤ᠂ ᠬᠠᠮᠲᠤᠷᠠᠯᠴᠠᠭᠠᠨ ᠤ ᠠᠷᠭ᠎ᠠ ᠵᠠᠮ ᠢ ᠰᠦᠪᠡᠭᠴᠢᠯᠡᠨ᠂ ᠬᠠᠮᠲᠤᠷᠠᠯᠴᠠᠭᠠᠨ ᠤ ᠳᠠᠯᠲᠠ ᠬᠦᠴᠦᠨ ᠢ ᠭᠦᠨᠵᠡᠭᠡᠶ ᠠᠭᠤᠳᠠᠯᠵᠤ᠂ ᠬᠠᠮᠲᠤᠷᠠᠯᠴᠠᠭᠠᠨ ᠤ ᠲᠥᠷᠥᠯ ᠵᠦᠢᠯ ᠢ ᠲᠥᠯᠥᠪᠵᠢᠭᠦᠯᠦᠨ᠂ ᠠᠷᠤ ᠬᠤᠷᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃        ᠬᠤᠰᠢᠭᠤᠨ ᠵᠠᠰᠠᠭ ᠤᠨ  ᠣᠷᠳᠣᠨ ᠤ  ᠠᠯᠪᠠᠨ ᠭᠡᠷ᠂  ᠬᠥᠭᠵᠢᠭᠦᠯᠦᠯᠲᠡ  ᠪᠠ  ᠥᠭᠡᠷᠡᠴᠢᠯᠡᠯᠲᠡ  ᠶᠢᠨ  ᠵᠥᠪᠯᠡᠯ᠂ ᠬᠤᠳᠠᠯᠳᠤᠭᠠᠨ ᠤ ᠶᠠᠪᠤᠳᠠᠯ ᠤᠨ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠰᠤᠨ ᠠᠰᠢᠭᠯᠠᠯᠲᠠ ᠶᠢᠨ ᠲᠣᠪᠴᠢᠶ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠦᠯᠦᠭᠯᠡᠯ᠂ ᠴᠠᠬᠢᠯᠭᠠᠨ ᠬᠠᠩᠭᠠᠬᠤ ᠺᠣᠮᠫᠠᠨᠢ ᠵᠢᠴᠢ ᠾᠧᠪᠸᠢ ᠶᠢᠨ ᠱᠧᠨ ᠨᠠᠩ ᠠᠵᠤ ᠦᠢᠯᠡᠰ ᠤᠨ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠵᠠᠶ᠃ ︵ᠰᠠᠶᠢᠬᠠᠡᠬᠤᠸᠠᠷ︶  
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号