ᠮᠠᠨ ᠤ ᠣᠷᠣᠨ ᠳᠠᠬᠢ ᠴᠢᠰᠤ ᠡᠭᠦᠰᠬᠡᠬᠦ ᠰᠲ᠋ᠧᠮ ᠡᠰ ᠤᠨ ᠬᠠᠨᠳᠢᠪᠯᠡᠯ 200 ᠬᠤᠪᠢ ᠶᠢ ᠳᠠᠪᠠᠪᠠ
ᠨᠡᠶᠢᠲᠡᠯᠡᠭᠰᠡᠨ ᠴᠠᠭ᠄
2025/4/7
   ᠮᠠᠨ ᠤ ᠣᠷᠣᠨ ᠳᠠᠬᠢ ᠴᠢᠰᠤ ᠡᠭᠦᠰᠬᠡᠬᠦ ᠰᠲ᠋ᠧᠮ ᠡᠰ ᠤᠨ ᠬᠠᠨᠳᠢᠪᠯᠡᠯ 200 ᠬᠤᠪᠢ ᠶᠢ ᠳᠠᠪᠠᠪᠠ᠃ 4 ᠳ᠋ᠦ᠋ᠭᠡᠷ ᠰᠠᠷ᠎ᠠ ᠶᠢᠨ 3 ᠤ ᠡᠳᠦᠷ᠂ ᠮᠠᠨ ᠤ ᠣᠷᠣᠨ ᠳᠠᠬᠢ ᠲᠥᠷᠥᠯ ᠰᠠᠳᠤᠨ ᠤ ᠪᠤᠰᠤ ᠴᠢᠰᠤ ᠡᠭᠦᠰᠬᠡᠬᠦ ᠰᠲ᠋ᠧᠮ ᠡᠰ ᠤᠨ 200 ᠳ᠋ᠤᠭᠠᠷ ᠬᠠᠨᠳᠢᠪᠯᠠᠭᠴᠢ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠳᠤ ᠠᠮᠵᠢᠯᠲᠠ ᠲᠠᠢ ᠪᠠᠷ ᠬᠠᠨᠳᠢᠪᠯᠠᠪᠠ᠃ ᠮᠠᠨ ᠤ ᠣᠷᠣᠨ ᠳᠠᠬᠢ ᠴᠢᠰᠤ ᠡᠭᠦᠰᠬᠡᠬᠦ ᠰᠲ᠋ᠧᠮ ᠡᠰ ᠤᠨ ᠬᠠᠨᠳᠢᠪᠯᠡᠬᠤ ᠠᠵᠢᠯ ᠢ 2004 ᠣᠨ ᠠᠴᠠ ᠡᠬᠢᠯᠡᠭᠦᠯᠦᠭᠰᠡᠨ ᠠᠴᠠ ᠠᠪᠤᠭᠠᠳ ᠣᠲᠣ ᠪᠣᠯᠲᠠᠯ᠎ᠠ᠂ ᠳᠤᠮᠳᠠᠳᠤ ᠶᠢᠨ ᠴᠢᠮᠦᠭᠡᠨ ᠤ ᠬᠥᠮᠥᠷᠭᠡ ᠶᠢᠨ ᠥᠪᠥᠷ ᠮᠣᠩᠭᠤᠯ ᠳᠠᠬᠢ ᠬᠤᠪᠢᠶᠠᠷᠢ ᠬᠥᠮᠥᠷᠭᠡ ᠨᠢ ᠨᠡᠶᠢᠲᠡ 62439 ᠬᠥᠮᠥᠨ ᠤ ᠪᠠᠭᠲᠠᠭᠠᠮᠵᠢ  ᠲᠠᠢ ᠪᠠᠶᠢᠵᠤ᠂ 200 ᠬᠤᠪᠢ ᠬᠠᠨᠳᠢᠪᠯᠠᠬᠤ ᠶᠢ ᠪᠡᠶᠡᠯᠡᠭᠦᠯᠵᠦ᠂ ᠨᠢᠭᠡᠨᠲᠡ ᠳᠤᠮᠳᠠᠳᠤ ᠶᠢᠨ ᠴᠢᠮᠦᠭᠡᠨ ᠤ ᠬᠥᠮᠥᠷᠭᠡ ᠶᠢᠨ ᠴᠢᠬᠤᠯᠠ ᠪᠦᠷᠢᠯᠳᠦᠭᠦᠨ ᠬᠡᠰᠡᠭ ᠪᠣᠯᠪᠠ᠃ ᠣᠶᠢᠷ᠎ᠠ ᠶᠢᠨ ᠭᠤᠷᠪᠠᠨ ᠵᠢᠯ ᠳᠤ ᠮᠠᠨ ᠤ ᠣᠷᠣᠨ ᠳᠠᠬᠢ ᠴᠢᠰᠤ ᠡᠭᠦᠰᠬᠡᠬᠦ ᠰᠲ᠋ᠧᠮ ᠡᠰ ᠢ ᠬᠠᠨᠳᠢᠪᠯᠠᠭᠰᠠᠨ ᠨᠡᠮᠡᠭᠳᠡᠯ ᠤᠨ ᠨᠣᠷᠮ᠎ᠠ ᠨᠢ ᠪᠥᠬᠦ ᠤᠯᠤᠰ ᠤᠨ ᠡᠮᠦᠨ᠎ᠡ ᠭᠤᠷᠪᠠ ᠳᠤ ᠵᠢᠭᠰᠠᠭᠠᠭᠳᠠᠪᠠ᠃ ︵ᠤᠯᠠᠭᠠᠨ ᠵᠠᠭᠠᠯᠮᠠᠶᠢᠳᠠᠨ ᠤ ᠨᠡᠶᠢᠭᠡᠮᠯᠢᠭ︶
 
ᠢᠷᠡᠯᠲᠡ᠄ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号