4 ᠰᠠᠷ᠎ᠠ ᠶᠢᠨ 7 ᠤ ᠡᠳᠦᠷ᠂ ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠮᠥᠩᠬᠡᠳᠠᠯᠠᠶ ᠨᠠᠷ ᠠᠷᠤ ᠬᠤᠷᠴᠢᠨ ᠬᠤᠰᠢᠭᠤᠨ ᠳᠤ | ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠶᠢ ᠥᠷᠨᠢᠭᠦᠯᠦᠭᠰᠡᠨ | ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠬᠠᠨ ᠵᠢᠶᠧ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠬᠥᠬᠡᠪᠡᠷᠰ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ | | | | ᠮᠥᠩᠬᠡᠳᠠᠯᠠᠶ ᠨᠠᠷ ᠤᠷᠢᠳ ᠬᠤᠵᠢᠳ ᠬᠤᠰᠢᠭᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠪᠣᠯᠪᠠᠰᠤᠷᠠᠯ ᠤᠨ ᠲᠥᠪ᠂ ᠴᠢᠪᠠᠭ᠎ᠠ ᠮᠣᠩᠭᠤᠯ ᠦᠨᠳᠦᠰᠦᠲᠡᠨ ᠤ ᠬᠡᠦᠬᠡᠳ ᠤᠨ | ᠴᠡᠴᠡᠷᠯᠢᠭ᠂ ᠰᠠᠶᠢᠬᠠᠨ ᠨᠡᠶᠢᠭᠡᠮ ᠲᠣᠭᠤᠷᠢᠭ ᠤᠨ ᠨᠡᠶᠢᠭᠡᠮ ᠲᠣᠭᠤᠷᠢᠭ ᠤᠨ ᠳᠡᠭᠡᠳᠦ ᠰᠤᠷᠭᠠᠭᠤᠯᠢ᠂ ᠠᠷᠤ | ᠬᠤᠷᠴᠢᠨ ᠤ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠳᠤ ᠬᠦᠷᠴᠦ᠂ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠬᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ᠂ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠵᠢᠴᠢ ᠠᠷᠠᠳ ᠤᠨ ᠠᠮᠢᠳᠤᠷᠠᠯ ᠤᠨ ᠦᠢᠯᠡᠴᠢᠯᠡᠭᠡ ᠵᠡᠷᠭᠡ ᠠᠵᠢᠯ ᠤᠨ ᠦᠷ᠎ᠡ | ᠪᠦᠲᠦᠮᠵᠢ ᠶᠢ ᠨᠠᠷᠢᠨ ᠤᠶᠢᠯᠠᠭᠠᠪᠠ᠃ | | | | | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠢᠮᠠᠭᠲᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠣᠯᠭᠠᠵᠤ᠂ ᠡᠬᠢ | ᠪᠠᠶᠠᠯᠢᠭ ᠢ ᠨᠢᠭᠡᠳᠦᠯᠲᠡᠶ ᠲᠥᠯᠥᠪᠵᠢᠭᠦᠯᠦᠨ ᠨᠡᠶᠢᠣᠡᠭᠡᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ | ᠦᠨᠳᠦᠰᠦᠲᠡᠨ ᠤ ᠪᠦᠯᠬᠦᠮᠳᠡᠯ ᠪᠣᠯᠤᠨ ᠦᠨᠳᠦᠰᠦᠨ ᠱᠠᠲᠤᠨ ᠤ ᠵᠠᠰᠠᠯᠲᠠ᠂ ᠠᠵᠤ ᠠᠬᠤᠶ ᠶᠢᠨ ᠬᠥᠭᠵᠢᠯᠲᠡ ᠶᠢᠨ | ᠭᠦᠨᠵᠡᠭᠡᠶ ᠠᠭᠤᠰᠤᠯᠴᠠᠯ ᠢ ᠠᠬᠢᠭᠤᠯᠵᠤ ︽ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ︾ | ᠠᠮᠢᠳᠤᠯᠢᠭ ᠪᠠᠶᠢᠳᠡᠯ ᠢ ᠦᠷᠭᠦᠯᠵᠢᠯᠡᠨ ᠪᠠᠬᠢᠵᠢᠭᠦᠯᠵᠦ᠂ ᠠᠷᠤ ᠬᠤᠷᠴᠢᠨ ᠬᠤᠰᠢᠭᠤᠨ ᠤ ᠴᠢᠨᠠᠷ ᠰᠠᠶᠢᠲᠠᠶ | ᠬᠥᠭᠵᠢᠯᠲᠡ ᠳᠤ ᠨᠠᠩ ᠴᠢᠩᠭ᠎ᠠ ᠲᠥᠪᠯᠡᠩᠭᠦᠶ ᠬᠦᠴᠦᠨ ᠢ ᠨᠢᠭᠲᠠᠷᠠᠭᠤᠯᠬᠤ ᠬᠡᠷᠡᠭᠲᠡᠶ ᠭᠡᠵᠡᠶ᠃ ︵ᠰᠠᠶᠢᠬᠠᠡᠬᠤᠸᠠᠷ︶ | | |