ᠵᠢᠯ ᠪᠦᠷᠢ ᠶᠢᠨ ᠬᠠᠪᠤᠷ ᠨᠠᠮᠤᠷ ᠤᠨ ᠤᠯᠠᠷᠢᠯ ᠪᠣᠯᠬᠤ ᠪᠦᠷᠢ᠂ ᠠᠭᠠᠷ ᠤᠨ ᠳᠤᠯᠠᠭᠠᠨ ᠤ ᠬᠤᠪᠢᠷᠠᠯᠲᠠ ᠶᠢ | ᠳᠠᠭᠠᠯᠳᠤᠨ᠂ ᠮᠥᠰᠥ ᠬᠠᠶᠢᠯ ᠬᠢᠭᠡᠳ ᠤᠰᠤ ᠬᠥᠯᠳᠡᠬᠦ ᠵᠡᠷᠭᠡ ᠠᠴᠠ ᠪᠣᠯᠵᠤ᠂ ᠪᠠᠶ᠋ᠬᠠᠦ᠋ᠡᠳᠣᠷ ᠰᠤᠮᠤ ᠶᠢᠨ ᠠᠮᠠᠰᠠᠷ | ᠭᠠᠴᠠᠭ᠎ᠠ᠂ ᠪᠣᠷᠣᠬᠤᠲᠠ᠂ ᠴᠠᠭᠠᠬᠤᠪᠤᠭ᠎ᠠ ᠵᠡᠷᠭᠡ ᠭᠠᠴᠠᠭᠠᠨ ᠤ ᠮᠠᠯᠴᠢᠨ ᠲᠠᠷᠢᠶᠠᠴᠢᠨ ᠤ ᠭᠤᠤᠯ ᠭᠠᠲᠤᠯᠬᠤ ᠶᠢ | ᠰᠢᠭᠤᠳ ᠨᠥᠯᠥᠭᠡᠯᠡᠵᠦ ᠪᠠᠶᠢᠳᠠᠭ ᠠᠴᠠ᠂ ᠬᠠᠷᠢᠶᠠᠲᠤ ᠣᠷᠣᠨ ᠤ ᠮᠠᠯᠴᠢᠨ ᠲᠠᠷᠢᠶᠠᠴᠢᠨ ᠠᠷᠭ᠎ᠠ ᠪᠤᠰᠤ ᠬᠤᠯᠠᠭᠤᠷ | ᠲᠣᠭᠤᠷᠢᠵᠤ ᠭᠤᠤᠯ ᠭᠠᠲᠤᠯᠤᠨ ᠪᠠᠶᠢᠵᠤ ᠰᠠᠶ᠋ᠢ ᠰᠤᠷᠤᠭᠴᠢ ᠪᠠᠨ ᠲᠤᠰᠴᠤ ᠬᠦᠷᠭᠡᠬᠦ᠂ ᠡᠪᠡᠳᠴᠢᠨ ᠦᠵᠡᠭᠦᠯᠬᠦ᠂ | ᠡᠳᠦᠷ ᠲᠣᠲᠤᠮ ᠤᠨ ᠪᠠᠷᠠᠭ᠎ᠠ ᠬᠤᠳᠠᠯᠳᠤᠨ ᠠᠪᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠮᠠᠯᠴᠢᠳ ᠤᠨ | ᠦᠢᠯᠡᠣᠡᠪᠣᠷᠢᠯᠡᠯ ᠠᠮᠢᠳᠤᠷᠠᠯ ᠳᠤ ︽ᠤᠯᠠᠷᠢᠯ ᠤᠨ ᠴᠢᠨᠠᠷᠲᠠᠶ ᠬᠦᠴᠢᠷᠳᠡᠯ︾ ᠤᠴᠠᠷᠠᠵᠤ ᠪᠣᠶ᠃ | | | | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ | ᠱᠤᠭᠤᠮ ᠪᠣᠯᠭᠠᠵᠤ᠂ ᠭᠤᠤᠯᠴᠢ ᠪᠠᠷ ᠵᠠᠰᠠᠬᠤ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠣᠶᠢᠯᠠᠭᠠᠭᠳᠠᠬᠤᠨ ᠢ | ᠪᠠᠷᠢᠮᠲᠠᠯᠠᠵᠤ᠂ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠶ ᠲᠥᠯᠥᠪᠵᠢᠭᠦᠯᠦᠨ | ᠪᠠᠶᠢᠷᠢᠯᠠᠭᠤᠯᠣᠡᠡᠰᠡᠨ ᠢᠶᠠᠷ᠂ ᠪᠠᠶ᠋ᠬᠠᠦ᠋ᠡᠳᠣᠷ ᠰᠤᠮᠤ ᠶᠢᠨ ᠠᠮᠠᠰᠠᠷ ᠭᠠᠴᠠᠭ᠎ᠠ 2024 ᠣᠨ ᠤ ᠬᠠᠮᠲᠤ ᠶᠢᠨ ᠠᠵᠤ | ᠠᠬᠤᠶ ᠶᠢᠨ ᠣᠷᠣᠯᠭ᠎ᠠ ᠶᠢᠨ 3 ᠲᠦᠮᠡᠨ ᠲᠥᠭᠦᠷᠢᠭ ᠢ ᠭᠤᠤᠯ ᠤᠨ ᠵᠠᠮ ᠢ ᠵᠠᠰᠠᠬᠤ ᠠᠵᠢᠯ ᠳᠤ ᠬᠡᠷᠡᠭᠯᠡᠵᠦ᠂ | ᠰᠢᠨᠵᠢᠯᠡᠬᠦ ᠤᠬᠠᠭᠠᠨᠴᠢ ᠪᠠᠷ ᠭᠤᠤᠯ ᠤᠨ ᠵᠠᠮ ᠤᠨ ᠬᠤᠷᠠᠵᠤ ᠲᠣᠨᠣᠭᠰᠠᠨ ᠬᠡᠰᠡᠭ ᠢ ᠨᠡᠪᠲᠡᠷᠡᠭᠦᠯᠵᠦ᠂ ᠤᠷᠤᠰᠬᠠᠯ | ᠤᠰᠤ ᠶᠢ ᠰᠢᠯᠤᠭᠤᠳᠬᠠᠪᠠ︔ ᠠᠶᠤᠯᠲᠠᠶ ᠪᠠᠷᠢᠯᠭ᠎ᠠ ᠠᠶᠤᠯᠲᠠᠶ ᠬᠡᠰᠡᠭ ᠤᠨ ᠬᠠᠮᠠᠭᠠᠯᠠᠯᠲᠠ ᠶᠢᠨ ᠬᠠᠰᠢᠯᠭ᠎ᠠ ᠳᠠᠯᠠᠩ ᠢ | ᠪᠠᠬᠢᠵᠢᠭᠦᠯᠵᠦ᠂ ᠭᠤᠤᠯ ᠤᠨ ᠵᠠᠮ ᠤᠨ ᠲᠣᠭᠲᠠᠪᠤᠷᠢᠲᠤ ᠴᠢᠨᠠᠷ ᠢ ᠨᠡᠮᠡᠭᠳᠡᠭᠦᠯᠪᠡ᠃ ᠦᠶᠡᠷ ᠢ ᠰᠡᠷᠭᠡᠶᠢᠯᠡᠬᠦ | ᠰᠡᠷᠡᠮᠵᠢ ᠶᠢᠨ ᠫᠠᠶᠢᠰᠠ ᠲᠡᠮᠳᠡᠭ ᠲᠠᠯᠪᠢᠵᠤ᠂ ᠨᠠᠭᠠᠰᠢ ᠴᠠᠭᠠᠰᠢ ᠥᠩᠭᠡᠷᠡᠬᠦ ᠬᠥᠮᠦᠰ ᠤᠨ ᠠᠮᠤᠷ ᠲᠦᠪᠰᠢᠨ ᠢ | ᠠᠩᠬᠠᠷᠬᠤ ᠶᠢ ᠰᠠᠨᠠᠭᠤᠯᠪᠠ᠃ ᠡᠭᠦᠨ ᠤ ᠬᠠᠮᠲᠤ᠂ ᠭᠤᠤᠯ ᠤᠨ ᠵᠠᠮ ᠢ ᠲᠣᠭᠤᠷᠢᠨ ᠪᠠᠶᠢᠴᠠᠭᠠᠵᠤ ᠬᠠᠮᠢᠶᠠᠷᠤᠨ | ᠬᠠᠮᠠᠭᠠᠯᠠᠬᠤ ᠤᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠭᠤᠤᠯ ᠤᠨ ᠵᠠᠮ ᠤᠨ ᠠᠮᠤᠷ | ᠲᠦᠪᠰᠢᠨ ᠪᠠ ᠰᠠᠭᠠᠳ ᠥᠬᠡᠶ ᠨᠡᠪᠲᠡᠷᠡᠬᠦ ᠶᠢ ᠦᠨᠳᠦᠰᠦᠨ ᠠᠴᠠ ᠨᠢ ᠪᠠᠲᠤᠯᠠᠨ᠂ ᠠᠮᠤᠷ ᠲᠦᠪᠰᠢᠨ ᠤ ᠳᠠᠯᠳᠠ | ᠭᠡᠮ ᠢ ᠴᠠᠭ ᠲᠤᠬᠠᠶ ᠳᠤᠨᠢ ᠠᠷᠢᠯᠭᠠᠵᠤ᠂ ᠬᠠᠪᠤᠷ ᠨᠠᠮᠤᠷ ᠤᠨ ᠤᠯᠠᠷᠢᠯ ᠳᠤ ᠮᠠᠯᠴᠢᠨ ᠲᠠᠷᠢᠶᠠᠴᠢᠨ ᠤ ᠭᠤᠤᠯ | ᠭᠠᠲᠤᠯᠬᠤ ᠡᠨᠡ ᠬᠦ ︽ᠪᠠᠴᠢᠮ ᠬᠦᠴᠢᠷᠲᠡᠶ ᠲᠦᠪᠡᠭᠲᠡᠶ ᠵᠣᠪᠠᠨᠢᠯᠲᠠᠶ︾ ᠠᠰᠠᠭᠤᠳᠠᠯ ᠢ ᠵᠣᠬᠢᠰᠲᠠᠶ ᠰᠢᠢᠳᠪᠦᠷᠢᠯᠡᠵᠦ᠂ | ᠮᠠᠯᠴᠢᠨ ᠲᠠᠷᠢᠶᠠᠴᠢᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠵᠢᠴᠢ ᠮᠠᠯ ᠠᠵᠤ ᠠᠬᠤᠶ ᠶᠢᠨ | ᠦᠢᠯᠡᠣᠡᠪᠣᠷᠢᠯᠡᠯ ᠤᠨ ᠠᠮᠤᠷ ᠲᠦᠪᠰᠢᠨ ᠢ ᠦᠨᠡᠨ ᠬᠦ ᠬᠠᠮᠠᠭᠠᠯᠠᠭᠰᠠᠨ ᠪᠠᠶᠢᠨ᠎ᠠ᠃ | | | | ᠥᠨᠥ ᠵᠢᠯ ᠤᠨ ᠬᠠᠪᠤᠷ᠂ ᠠᠮᠠᠰᠠᠷ ᠭᠠᠴᠠᠭ᠎ᠠ ᠶᠢᠨ ᠬᠤᠶᠠᠷ ᠵᠥᠪᠯᠡᠯ ᠤᠨ ᠪᠠᠭ ᠢᠶᠠᠷ | ᠲᠣᠯᠣᠭᠠᠶᠢᠯᠠᠭᠤᠯᠤᠭᠰᠠᠨ ᠨᠠᠮ ᠤᠨ ᠭᠡᠰᠢᠭᠦᠨ ᠤ ᠬᠤᠰᠢᠭᠤᠴᠢ ᠠᠩᠭᠢ ᠶᠢ ᠵᠣᠬᠢᠶᠠᠨ ᠪᠠᠶᠢᠭᠤᠯᠵᠤ ᠨᠠᠮ ᠤᠨ ᠡᠭᠦᠷ | ᠦᠨᠳᠦᠰᠦᠨ ᠱᠠᠳᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ | ᠭᠦᠢᠴᠡᠣᠨ ᠪᠠᠳᠠᠷᠠᠭᠤᠯᠵᠤ᠂ ᠤᠰᠤ ᠬᠠᠶᠢᠯ ᠠᠴᠠ ᠪᠣᠯᠤᠭᠰᠠᠨ ᠡᠪᠳᠡᠭᠳᠡᠭᠰᠡᠨ ᠬᠡᠰᠡᠭ ᠢ ᠵᠠᠰᠠᠭᠰᠠᠨ ᠶᠤᠮ᠃ ᠰᠡᠯᠪᠢᠨ | ᠵᠠᠰᠠᠬᠤ ᠲᠤᠬᠠᠶ ᠶᠢᠨ ᠲᠠᠯᠠᠪᠠᠢ ᠳᠤ᠂ ᠵᠠᠷᠢᠮ ᠮᠠᠯᠴᠢᠨ ᠲᠠᠷᠢᠶᠠᠴᠢᠨ ᠣᠳᠬᠤᠭᠤᠷ ᠲᠡᠷᠭᠡ ᠪᠠᠷ ᠢᠶᠠᠨ ᠰᠢᠷᠣᠶ | ᠲᠦᠯᠬᠢᠵᠦ᠂ ᠵᠠᠷᠢᠮ ᠨᠢ ᠰᠢᠷᠣᠶ ᠡᠭᠦᠷᠴᠦ᠂ ᠨᠢᠭᠡ ᠨᠢᠭᠡ ᠤᠭᠤᠲᠠ ᠪᠠᠷ ︽ᠠᠷᠠᠳ ᠤᠨ ᠰᠡᠳᠬᠢᠯ ᠤᠨ ᠬᠥᠭᠦᠷᠭᠡ︾ | ᠶᠢ ᠪᠣᠰᠬᠠᠪᠠ᠃ ᠨᠢᠳᠤᠨᠤᠨ ᠬᠠᠪᠤᠷ ᠠᠴᠠ ᠡᠬᠢᠯᠡᠨ 50 ᠭᠠᠷᠤᠶ ᠮᠠᠯᠴᠢᠨ ᠲᠦᠮᠡᠨ ᠢ ᠳᠠᠭᠠᠭᠤᠯᠤᠨ ᠰᠠᠶᠢᠨ ᠳᠤᠷ᠎ᠠ | ᠠᠴᠠ ᠪᠠᠨ ᠭᠤᠤᠯ ᠤᠨ ᠵᠠᠮ ᠢ ᠰᠡᠯᠪᠢᠨ ᠵᠠᠰᠠᠬᠤ ᠠᠵᠢᠯᠯᠠᠭ᠎ᠠ ᠳᠤ ᠣᠷᠣᠯᠴᠠᠭᠤᠯᠵᠤ᠂ ᠡᠶᠢᠮᠣᠷᠬᠦ ᠠᠵᠢᠯᠯᠠᠭ᠎ᠠ ᠶᠢ | ᠨᠡᠶᠢᠲᠡ 4 ᠤᠳᠠᠭ᠎ᠠ ᠥᠷᠨᠢᠭᠦᠯᠦᠭᠰᠡᠨ ᠪᠠᠶᠢᠨ᠎ᠠ᠃ ᠡᠨᠡ ᠬᠦ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠭᠰᠠᠨ ᠴᠢᠷᠮᠠᠶᠢᠯᠭ᠎ᠠ ᠪᠠᠷ ᠳᠡᠮᠵᠢᠨ᠂ ᠦᠨ᠎ᠡ ᠲᠥᠯᠥᠪᠦᠷᠢ ᠦᠭᠡᠢ ᠬᠥᠮᠦᠨ ᠤ ᠬᠦᠴᠦᠨ ᠤ ᠭᠤᠤᠯ ᠤᠨ | ᠵᠠᠮ ᠢ ᠵᠠᠰᠠᠨ ᠰᠡᠷᠭᠦᠭᠡᠬᠦ ᠢᠨᠵᠧᠨᠧᠷᠢᠩ ᠪᠡᠶᠡᠯᠡᠭᠦᠯᠦᠭᠰᠡᠨ ᠨᠢ ᠪᠠᠶ᠋ᠬᠠᠦ᠋ᠡᠳᠣᠷ ᠰᠤᠮᠤ ᠶᠢᠨ 1200 ᠭᠠᠷᠤᠶ ᠮᠠᠯᠴᠢᠨ | ᠲᠠᠷᠢᠶᠠᠴᠢᠨ ᠤ ᠶᠠᠪᠤᠵᠤ ᠰᠠᠭᠤᠬᠤ ᠬᠦᠴᠢᠷ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠵᠦ ᠥᠭᠭᠦᠭᠰᠡᠨ ᠢᠶᠠᠷ | ᠪᠠᠷᠠᠬᠤ ᠦᠭᠡᠢ᠂ ᠨᠠᠩ ᠴᠤ ᠨᠠᠮ ᠪᠠ ᠣᠯᠠᠨ ᠲᠦᠮᠡᠨ ᠤ ᠬᠤᠭᠤᠷᠣᠨᠳᠣᠬᠢ ᠬᠥᠭᠦᠷᠭᠡ ᠬᠤᠯᠪᠣᠭᠠᠰᠤ ᠶᠢ ᠪᠠᠲᠤ | ᠴᠣᠭᠴᠠᠯᠠᠵᠤ᠂ ᠮᠠᠯᠴᠢᠨ ᠲᠠᠷᠢᠶᠠᠴᠢᠨ ᠤ ᠬᠦᠷᠲᠡᠮᠵᠢ ᠶᠢᠨ ᠲᠥᠷᠥᠭᠳᠡᠯ ᠪᠣᠯᠤᠨ ᠵᠣᠯ ᠵᠢᠷᠭᠠᠯᠲᠤ ᠲᠥᠷᠥᠭᠳᠡᠯ ᠢ | ᠳᠡᠭᠡᠭᠰᠢᠯᠡᠭᠦᠯᠦᠭᠰᠡᠨ ᠪᠠᠶᠢᠨ᠎ᠠ᠃ | ᠴᠢᠮᠡᠭᠡᠯᠡᠭᠴᠢ᠄ ᠰᠠᠶᠢᠬᠠᠡᠴᠠᠴᠡᠭ | | |