| ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ︽5•1︾ ᠤ ᠠᠮᠠᠷᠠᠯᠲᠠ ᠶᠢᠨ ᠬᠤᠭᠤᠴᠠᠭᠠᠨ ᠳᠤ ᠮᠠᠨ ᠤ ᠣᠷᠣᠨ ᠤ | ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ᠂ ᠬᠡᠭᠡᠷ᠎ᠡ ᠭᠠᠳᠠᠨ᠎ᠠ ᠶᠢᠨ ᠵᠤᠭᠠᠯᠠᠯᠭᠠ ᠵᠡᠷᠭᠡ ᠠᠵᠢᠯᠯᠠᠭ᠎ᠠ ᠨᠤᠭᠤᠳ | ᠨᠡᠮᠡᠭᠳᠡᠭᠰᠡᠨ ᠠᠴᠠ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠪᠣᠯᠣᠮᠵᠢ ᠶᠢᠨ ᠪᠠᠶᠢᠳᠠᠯ | ᠥᠨᠳᠥᠷᠵᠢᠭᠡᠳ ᠪᠠᠭᠤᠷᠠᠳᠠᠭ ᠦᠭᠡᠢ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠤᠷᠢᠳᠴᠢᠯᠠᠨ ᠪᠠᠶᠢᠷᠢᠯᠠᠭᠤᠯᠤᠯᠲᠠ ᠬᠢᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠭᠰᠡᠨ ᠪᠣᠯᠬᠤᠷ ︽5•1︾ ᠤ ᠠᠮᠠᠷᠠᠯᠲᠠ ᠶᠢᠨ ᠬᠤᠭᠤᠴᠠᠭᠠᠨ ᠳᠠᠬᠢ ᠪᠥᠬᠦ ᠣᠷᠣᠨ ᠤ ᠣᠶ ᠰᠢᠭᠤᠶ ᠨᠤᠲᠤᠭ | ᠪᠡᠯᠴᠢᠭᠡᠷ ᠤᠨ ︽ᠭᠠᠯ ᠤᠨ ᠠᠶᠤᠯ ᠥᠬᠡᠶ ᠪᠠᠶᠢᠳᠠᠯ︾ ᠢ ᠪᠡᠶᠡᠯᠡᠭᠦᠯᠪᠡ᠃ | ᠭᠠᠯ ᠤᠨ ᠠᠶᠤᠯ ᠤᠨ ᠪᠠᠶᠢᠳᠠᠯ ᠢ ᠴᠠᠭᠳᠠᠨ ᠪᠠᠶᠢᠴᠠᠭᠠᠬᠤ ᠬᠠᠮᠠᠭᠠᠯᠠᠯᠲᠠ ᠶᠢ ᠴᠢᠩᠭᠠᠷᠠᠭᠤᠯᠬᠤ ᠶᠢᠨ ᠲᠥᠯᠥᠭᠡ᠂ | 10 ᠠᠶᠢᠮᠠᠭ ᠬᠤᠲᠠ ᠳᠠᠬᠢ ᠠᠭᠠᠷ ᠠᠶᠠᠯᠠᠯ ᠢᠶᠠᠷ ᠣᠶ ᠰᠢᠭᠤᠶ ᠶᠢ ᠬᠠᠮᠠᠭᠠᠯᠠᠬᠤ 13 ᠨᠢᠰᠬᠡᠯ ᠢᠶᠠᠷ ᠠᠭᠠᠷ ᠢᠶᠠᠷ | ᠴᠠᠭᠳᠠᠨ ᠪᠠᠶᠢᠴᠠᠭᠠᠬᠤ ᠤᠳᠠᠭ᠎ᠠ ᠲᠤᠭ᠎ᠠ ᠪᠠᠨ ᠨᠡᠮᠡᠭᠳᠡᠭᠦᠯᠵᠦ᠂ ᠭᠤᠤᠯᠳᠠᠯᠭ᠎ᠠ ᠪᠣᠯᠬᠤ ᠭᠠᠵᠠᠷ ᠣᠷᠣᠨ ᠨᠤᠭᠤᠳ ᠢ | ᠴᠥᠮ ᠬᠠᠮᠤᠷᠪᠠ᠃ ᠡᠯ᠎ᠡ ᠭᠠᠵᠠᠷ ᠤᠨ ᠬᠢᠨ ᠰᠤᠪᠤᠷᠭᠠᠲᠤ ᠲᠠᠶᠢᠰᠠ ᠪᠠᠷ ᠪᠠᠷᠠᠯᠠᠬᠤ᠂ ᠸᠢᠳᠢᠣ᠋ ᠪᠠᠷ ᠬᠢᠨᠠᠨ ᠡᠵᠡᠮᠳᠡᠬᠦ ᠶᠢ | ᠣᠶ ᠰᠢᠭᠤᠶ ᠬᠠᠮᠠᠭᠠᠯᠠᠭᠴᠢ᠂ ᠨᠤᠲᠤᠭ ᠪᠡᠯᠴᠢᠭᠡᠷ ᠤᠨ ᠬᠠᠮᠢᠶᠠᠷᠤᠭᠴᠢ ᠶᠢᠨ ᠭᠠᠵᠠᠷ ᠳᠡᠭᠡᠷᠡᠬᠢ ᠴᠠᠭᠳᠠᠨ ᠪᠠᠶᠢᠴᠠᠭᠠᠬᠤ | ᠬᠠᠮᠠᠭᠠᠯᠠᠯᠲᠠ ᠪᠠ ᠬᠠᠷᠠᠭᠤᠯ ᠥᠷᠲᠡᠭᠡᠨ ᠤ ᠬᠠᠮᠢᠶᠠᠷᠤᠯᠲᠠ ᠯᠤᠭ᠎ᠠ ᠤᠶᠠᠯᠳᠤᠭᠤᠯᠤᠨ᠂ ︽ᠠᠭᠠᠷ ᠣᠭᠲᠠᠷᠭᠤᠢ ᠭᠠᠵᠠᠷ | ᠬᠥᠮᠦᠨ︾ ᠤ ᠪᠣᠰᠤᠭ᠎ᠠ ᠴᠣᠭᠴᠠᠲᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠪᠣᠶ ᠪᠣᠯᠭᠠᠵᠤ᠂ ᠬᠥᠮᠦᠨ ᠤ | ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ ᠶᠢᠨ ᠥᠨᠳᠥᠷ ᠪᠦᠲᠦᠮᠵᠢᠲᠡᠶ ᠪᠠᠷ | ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠪᠡ᠃ ᠭᠠᠯ ᠤᠨ ᠢᠷᠡᠯᠲᠡ ᠶᠢᠨ ᠬᠠᠮᠢᠶᠠᠷᠤᠯᠲᠠ ᠶᠢᠨ ᠲᠠᠯ᠎ᠠ ᠪᠠᠷ᠂ ᠡᠯ᠎ᠡ | ᠭᠠᠵᠠᠷ ᠤᠨ ᠬᠢᠨ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠰᠢᠲᠠᠮᠠᠬᠠᠶ ᠪᠣᠳᠠᠰ ᠢ ᠴᠡᠪᠡᠷᠯᠡᠬᠦ | ᠲᠤᠰᠬᠠᠶ ᠠᠵᠢᠯ ᠢ ᠤᠷᠢᠳᠴᠢᠯᠠᠨ ᠥᠷᠨᠢᠭᠦᠯᠵᠦ᠂ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠪᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠶᠢ ᠪᠠᠶᠢᠴᠠᠭᠠᠨ ᠰᠢᠢᠳᠪᠦᠷᠢᠯᠡᠬᠦ ᠲᠤᠰᠬᠠᠶ | ᠠᠵᠢᠯᠯᠠᠭ᠎ᠠ ᠶᠢ ᠪᠠᠶᠢᠩᠭᠤᠵᠢᠭᠤᠯᠤᠨ ᠠᠬᠢᠭᠤᠯᠵᠤ᠂ ᠭᠠᠯ ᠤᠨ ᠡᠭᠦᠰᠬᠡᠭᠦᠷ ᠢ ᠠᠭᠤᠯᠠᠨ ᠳᠤ ᠭᠠᠷᠭᠠᠬᠤ ᠥᠬᠡᠶ᠂ ᠭᠠᠯ | ᠠᠪᠴᠤ ᠣᠶ ᠳᠤ ᠣᠷᠣᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠭᠠᠯ ᠠᠪᠴᠤ ᠶᠠᠪᠤᠬᠤ ᠶᠢᠨ ᠴᠢᠩᠭ᠎ᠠ | ᠨᠢᠭᠲᠠ ᠬᠠᠮᠢᠶᠠᠷᠤᠯᠲᠠ ᠶᠢ ᠪᠡᠶᠡᠯᠡᠭᠦᠯᠪᠡ᠃ ᠡᠭᠦᠨ ᠤ ᠬᠠᠮᠲᠤ᠂ ᠡᠯ᠎ᠡ ᠭᠠᠵᠠᠷ ᠤᠨ ᠬᠢᠨ ᠭᠠᠯ ᠰᠡᠷᠭᠡᠶᠢᠯᠡᠬᠦ ᠤᠬᠠᠭᠤᠯᠭ᠎ᠠ | ᠬᠥᠮᠦᠵᠢᠯ ᠢᠶᠠᠨ ᠴᠢᠩᠭᠠᠳᠬᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ | ᠪᠠᠶᠢᠳᠠᠯ ᠢ ᠪᠣᠶ ᠪᠣᠯᠭᠠᠭᠰᠠᠨ ᠪᠠᠶᠢᠨ᠎ᠠ᠃ | | |