ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠣᠷᠤᠭ ᠤᠨ ᠪᠦᠷᠢᠳᠬᠡᠯ ᠤᠨ ᠳᠦᠷᠢᠮ︾ ᠢ ᠡᠨᠡ | ᠡᠳᠦᠷ ︵5 ᠰᠠᠷ᠎ᠠ ᠶᠢᠨ 10 ᠤ ᠡᠳᠦᠷ︶ ᠠᠴᠠ ᠡᠬᠢᠯᠡᠵᠦ ᠬᠡᠷᠡᠭᠵᠢᠭᠦᠯᠦᠨ᠎ᠡ᠃ ︽ ᠳᠦᠷᠢᠮ ︾ ᠢ | ᠦᠨᠳᠦᠰᠦᠯᠡᠪᠡᠯ᠂ ᠤᠷᠤᠭᠯᠠᠬᠤ᠂ ᠤᠷᠤᠭ ᠰᠠᠯᠬᠤ ᠪᠦᠷᠢᠳᠬᠡᠯ ᠬᠢᠬᠦ ᠳᠤ ᠴᠥᠮ ᠡᠷᠦᠬᠡ ᠠᠮᠠ ᠶᠢᠨ ᠳᠡᠪᠲᠡᠷ ᠢᠶᠠᠨ | ᠭᠠᠷᠭᠠᠵᠤ ᠦᠵᠡᠭᠦᠯᠬᠦ ᠴᠢᠬᠤᠯᠠ ᠦᠭᠡᠢ ᠪᠣᠯᠵᠠᠶ᠃ | ︽ᠳᠦᠷᠢᠮ︾ ᠳᠤ ᠲᠣᠭᠲᠠᠭᠠᠭᠰᠠᠨ ᠨᠢ᠂ ᠣᠷᠤᠭ ᠪᠦᠷᠢᠳᠬᠡᠭᠦᠯᠬᠦ ᠪᠠᠷ ᠭᠤᠶᠤᠴᠢᠯᠠᠬᠤ ᠳᠣᠲᠣᠷ | ᠭᠠᠵᠠᠷ ᠤᠨ ᠰᠠᠭᠤᠭᠠᠯᠢ ᠠᠷᠠᠳ ᠳᠠᠷᠠᠭᠠᠬᠢ ᠦᠨᠡᠮᠯᠡᠯ ᠪᠠ ᠪᠢᠴᠢᠭ ᠮᠠᠲ᠋ᠧᠷᠢᠶᠠᠯ ᠢ ᠬᠠᠩᠭᠠᠬᠤ ᠬᠡᠷᠡᠭᠲᠡᠶ᠄ | ︵ᠨᠢᠭᠡ︶ ᠬᠤᠪᠢ ᠬᠥᠮᠦᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︔ | ︵ᠬᠤᠶᠠᠷ︶ ᠲᠤᠰ ᠬᠥᠮᠦᠨ ᠬᠠᠨᠢ ᠨᠥᠬᠦᠷ ᠥᠭᠡᠶ ᠵᠢᠴᠢ ᠬᠤᠷᠢᠮᠯᠠᠬᠤ ᠭᠡᠵᠦ ᠪᠤᠢ ᠡᠲᠡᠭᠡᠳ ᠲᠠᠢ ᠪᠠᠨ | ᠣᠶᠢᠷ᠎ᠠ ᠴᠢᠰᠤᠨ ᠲᠥᠷᠥᠯ ᠤᠨ ᠬᠠᠷᠢᠴᠠᠭ᠎ᠠ ᠪᠠ ᠭᠤᠷᠪᠠᠨ ᠦᠶ᠎ᠡ ᠶᠢᠨ ᠳᠣᠲᠣᠷᠠᠬᠢ ᠦᠶᠡᠯᠢᠳ ᠴᠢᠰᠤᠨ | ᠲᠥᠷᠥᠯ ᠤᠨ ᠬᠠᠷᠢᠴᠠᠭ᠎ᠠ ᠦᠭᠡᠢ ᠭᠡᠰᠡᠨ ᠭᠠᠷ ᠤᠨ ᠦᠰᠦᠭ ᠵᠢᠷᠤᠭᠰᠠᠨ ᠢᠯᠡᠷᠬᠡᠶᠢᠯᠡᠯᠲᠡ᠃ | ᠣᠷᠤᠭ ᠪᠦᠷᠢᠳᠬᠡᠭᠦᠯᠬᠦ ᠪᠠᠷ ᠭᠤᠶᠤᠴᠢᠯᠠᠭᠰᠠᠨ ᠲᠤᠬᠠᠶ ᠶᠢᠨ ᠬᠥᠮᠦᠨ ᠳᠤ ᠳᠤᠤᠷ᠎ᠠ ᠵᠢᠭᠰᠠᠭᠠᠭᠰᠠᠨ | ᠪᠠᠶᠢᠳᠠᠯ ᠤᠳ ᠤᠨ ᠨᠢᠭᠡ ᠨᠢ ᠪᠠᠶᠢᠪᠠᠯ᠂ ᠤᠷᠤᠭ ᠪᠦᠷᠢᠳᠬᠡᠬᠦ ᠪᠠᠶᠢᠭᠤᠯᠭ᠎ᠠ ᠠᠴᠠ ᠪᠦᠷᠢᠳᠬᠡᠵᠦ ᠥᠭᠬᠦ ᠥᠭᠡᠶ᠄ | ︵ᠨᠢᠭᠡ︶ ᠬᠠᠤᠯᠢ ᠳᠤ ᠲᠣᠭᠲᠠᠭᠠᠭᠰᠠᠨ ᠤᠷᠤᠭᠯᠠᠬᠤ ᠨᠠᠰᠤᠨ ᠳᠤ ᠬᠦᠷᠦᠭᠡᠳᠦᠢ︔ | ︵ᠬᠤᠶᠠᠷ︶ ᠡᠷᠡᠭᠲᠡᠶ ᠡᠮᠡᠭᠲᠡᠶ ᠬᠤᠶᠠᠷ ᠡᠲᠡᠭᠡᠳ ᠢᠶᠠᠷ ᠢᠶᠠᠨ ᠪᠦᠷᠢᠮᠦᠰᠦᠨ ᠰᠠᠶᠢᠨ ᠳᠤᠷ᠎ᠠ ᠠᠴᠠ ᠪᠠᠨ | ᠪᠤᠰᠤ︔ | ︵ᠭᠤᠷᠪᠠ︶ ᠨᠢᠭᠡ ᠡᠲᠡᠭᠡᠳ ᠨᠢ ᠪᠤᠶᠤ ᠬᠤᠶᠠᠷ ᠡᠲᠡᠭᠡᠳ ᠢᠶᠠᠷ ᠢᠶᠠᠨ ᠨᠢᠭᠡᠨᠲᠡ ᠬᠠᠨᠢ ᠨᠥᠬᠦᠷ ᠲᠠᠢ | ᠪᠠᠶᠢᠬᠤ︔ | ︵ᠳᠥᠷᠪᠡ︶ ᠣᠶᠢᠷ᠎ᠠ ᠴᠢᠰᠤᠨ ᠲᠥᠷᠥᠯ ᠪᠣᠯᠬᠤ ᠪᠤᠶᠤ ᠭᠤᠷᠪᠠᠨ ᠦᠶ᠎ᠡ ᠶᠢᠨ ᠳᠣᠲᠣᠷᠠᠬᠢ ᠦᠶᠡᠯᠢᠳ | ᠴᠢᠰᠤᠨ ᠲᠥᠷᠥᠯ ᠪᠣᠯᠬᠤ᠃ | ︽ᠳᠦᠷᠢᠮ︾ ᠳᠤ ᠲᠣᠭᠲᠠᠭᠠᠭᠰᠠᠨ ᠨᠢ᠂ ᠳᠣᠲᠣᠷ ᠭᠠᠵᠠᠷ ᠤᠨ ᠰᠠᠭᠤᠭᠠᠯᠢ ᠠᠷᠠᠳ ᠰᠠᠶᠢᠨ | ᠳᠤᠷ᠎ᠠ ᠠᠴᠠ ᠪᠠᠨ ᠣᠷᠤᠭ ᠰᠠᠯᠬᠤ ᠭᠡᠪᠡᠯ᠂ ᠡᠷᠡᠭᠲᠡᠶ ᠡᠮᠡᠭᠲᠡᠶ ᠬᠤᠶᠠᠷ ᠡᠲᠡᠭᠡᠳ ᠢᠶᠠᠷ ᠢᠶᠠᠨ ᠪᠢᠴᠢᠭ ᠢᠶᠠᠷ ᠣᠷᠤᠭ | ᠰᠠᠯᠬᠤ ᠬᠡᠯᠡᠯᠴᠡᠭᠡᠷ ᠲᠣᠭᠲᠠᠭᠠᠵᠤ ᠥᠪᠡᠷ ᠢᠶᠠᠨ ᠣᠷᠤᠭ ᠪᠦᠷᠢᠳᠬᠡᠬᠦ ᠪᠠᠶᠢᠭᠤᠯᠭ᠎ᠠ ᠳᠤ ᠬᠦᠷᠴᠦ ᠬᠠᠮᠲᠤ ᠪᠠᠷ ᠣᠷᠤᠭ | ᠰᠠᠯᠬᠤ ᠪᠦᠷᠢᠳᠬᠡᠯᠲᠡ ᠬᠢᠯᠭᠡᠬᠦ ᠪᠠᠷ ᠭᠤᠶᠤᠴᠢᠯᠠᠬᠤ ᠬᠡᠷᠡᠭᠲᠡᠶ᠃ | ᠣᠷᠤᠭ ᠰᠠᠯᠬᠤ ᠪᠦᠷᠢᠳᠬᠡᠯᠲᠡ ᠬᠢᠯᠭᠡᠬᠦ ᠪᠠᠷ ᠭᠤᠶᠤᠴᠢᠯᠠᠭᠰᠠᠨ ᠳᠣᠲᠣᠷ ᠭᠠᠵᠠᠷ ᠤᠨ ᠰᠠᠭᠤᠭᠠᠯᠢ ᠠᠷᠠᠳ | ᠳᠤᠤᠷ᠎ᠠ ᠵᠢᠭᠰᠠᠭᠠᠭᠰᠠᠨ ᠦᠨᠡᠮᠯᠡᠯ ᠢᠶᠠᠨ ᠬᠠᠩᠭᠠᠬᠤ ᠬᠡᠷᠡᠭᠲᠡᠶ᠄ | ︵ᠨᠢᠭᠡ︶ ᠲᠤᠰ ᠬᠥᠮᠦᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︔ | ︵ᠬᠤᠶᠠᠷ︶ ᠬᠤᠪᠢ ᠬᠥᠮᠦᠨ ᠤ ᠤᠷᠤᠭ ᠤᠨ ᠪᠠᠲᠤᠯᠠᠪᠤᠷᠢ᠃ | |