5 ᠰᠠᠷ᠎ᠠ ᠶᠢᠨ 10 ᠤ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ︽ᠠᠷᠤ | ᠬᠤᠷᠴᠢᠨ ᠬᠤᠰᠢᠭᠤᠨ ᠤ ᠣᠳᠣᠳ ᠤᠨ ᠬᠥᠳᠡᠭᠡ ᠲᠣᠰᠬᠤᠨ ᠤ ᠠᠶᠠᠯᠠᠯ︾ ᠭᠤᠤᠯ ᠰᠡᠳᠦᠪᠲᠦ ᠤᠬᠠᠭᠤᠯᠭ᠎ᠠ ᠶᠢᠨ | ᠠᠵᠢᠯᠯᠠᠭ᠎ᠠ ᠡᠷᠬᠢᠯᠡᠨ ᠶᠠᠪᠤᠭᠳᠠᠭᠤᠯᠪᠠ᠃ ᠬᠤᠰᠢᠭᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠣᠶᠣᠯ | ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ ᠵᠡᠷᠭᠡ ᠬᠠᠮᠢᠶ᠎ᠠ ᠪᠦᠬᠦᠢ | ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠲᠢᠺ ᠲᠣᠺ᠂ ᠬᠤᠷᠳᠤᠨ ᠭᠠᠷ᠂ ᠸᠢᠳᠢᠣ᠋ ᠳ᠋ᠤᠭᠠᠷ ᠵᠡᠷᠭᠡ ᠣᠯᠠᠨ | ᠲᠠᠪᠴᠠᠩ ᠤᠨ ᠰᠦᠯᠵᠢᠶᠡᠨ ᠣᠳᠣᠳ ᠤᠨ ᠲᠥᠯᠥᠭᠡᠯᠡᠭᠴᠢ᠂ ᠤᠳᠬ᠎ᠠ ᠤᠷᠠᠯᠢᠭ ᠤᠨ ᠬᠢᠨ ᠤ ᠨᠠᠷᠠᠲᠤ ᠬᠥᠮᠦᠰ ᠤᠨ | ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠰᠠᠭᠤᠳᠠᠯ ᠤᠨ ᠬᠤᠷᠠᠯ ᠬᠤᠷᠠᠯᠳᠤᠭᠤᠯᠬᠤ ᠶᠢᠨ ᠬᠠᠮᠲᠤ᠂ ᠰᠢᠨ ᠮᠢᠨ | ᠦᠬᠡᠷ ᠤᠨ ᠦᠢᠯᠡᠰ᠂ ᠰᠢᠨ ᠮᠢᠨ ᠭᠡᠷ ᠪᠦᠯᠢ ᠶᠢᠨ ᠴᠡᠩᠭᠡᠯ ᠤᠨ ᠬᠦᠷᠢᠶᠡᠯᠡᠩ᠂ ᠰᠢᠨ ᠮᠢᠨ ᠬᠡᠭᠡᠷ᠎ᠡ ᠪᠠᠭᠤᠳᠠᠯᠯᠠᠬᠤ | ᠭᠠᠵᠠᠷ᠂ ︽ᠠᠷᠤ ᠬᠤᠷᠴᠢᠨ ᠤ ᠪᠠᠭ᠎ᠠ ᠬᠦᠷᠢᠶᠡᠯᠡᠩ︾᠂ ᠰᠣᠣ ᠵᠸᠦ ᠪᠦᠦ ᠲᠣᠰᠬᠤᠨ ᠤ ᠬᠠᠷᠢᠯᠴᠠᠨ | ᠬᠠᠪᠰᠤᠷᠤᠯᠴᠠᠬᠤ ᠡᠷᠡᠭᠦᠯᠵᠢᠯ ᠰᠤᠪᠢᠯᠠᠯ ᠤᠨ ᠲᠥᠪ ᠲᠤ ᠬᠦᠷᠴᠦ ᠲᠣᠭᠤᠷᠢᠨ ᠦᠵᠡᠪᠡ᠃ | | | | ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠪᠠᠶᠢᠭᠤᠯᠭ᠎ᠠ ᠨᠢᠭᠡᠴᠡ ᠶᠢᠨ | ᠬᠠᠷᠢᠭᠤᠴᠠᠯᠭᠠᠲᠠᠨ ᠠᠴᠠ ᠬᠡᠷᠬᠢᠨ ᠰᠣᠳᠣ ᠬᠥᠮᠦᠰ ᠤᠨ ᠳᠠᠪᠠᠭᠤᠯᠢᠭ ᠢᠶᠠᠨ ᠪᠠᠳᠠᠷᠠᠭᠤᠯᠤᠨ᠂ ᠭᠤᠤᠯ ᠬᠥᠭ ᠠᠶᠠᠰ ᠢ | ᠴᠢᠪᠠᠭᠳᠡᠵᠤ᠂ ︽ᠠᠷᠢᠭᠤᠨ ᠲᠠᠭᠰᠢᠨ ᠠᠷᠤ ᠬᠤᠷᠴᠢᠨ︾ ᠢᠶᠠᠨ ᠤᠬᠠᠭᠤᠯᠬᠤ ᠲᠤᠬᠠᠶ ᠰᠠᠨᠠᠯ ᠰᠠᠨᠠᠭᠤᠯᠭ᠎ᠠ | ᠳᠤᠷᠠᠳᠴᠤ᠂ ᠡᠯ᠎ᠡ ᠡᠲᠡᠭᠡᠳ ᠤᠨ ᠣᠳᠣᠳ ᠤᠨ ᠲᠥᠯᠥᠭᠡᠯᠡᠭᠴᠢ ᠠᠴᠠ ᠲᠤᠰ ᠪᠡᠶ᠎ᠡ ᠶᠢᠨ ᠪᠣᠳᠠᠲᠤ ᠪᠠᠶᠢᠳᠡᠯ ᠲᠠᠢ ᠪᠠᠨ | ᠤᠶᠠᠯᠳᠤᠭᠤᠯᠤᠨ ᠰᠠᠨᠠᠯ ᠪᠣᠳᠤᠯ ᠢᠶᠠᠨ ᠢᠳᠡᠪᠬᠢᠲᠡᠶ ᠪᠠᠷ ᠢᠯᠡᠳᠬᠡᠵᠡᠭᠡᠪᠡ᠃ ᠵᠥᠪ ᠤᠯᠤᠰ ᠲᠥᠷᠥ ᠶᠢᠨ ᠴᠢᠭᠯᠡᠯ᠂ | ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠣᠯᠤᠨ ᠥᠷᠲᠡᠭ ᠤᠨ ᠬᠠᠨᠳᠤᠰᠢ ᠶᠢ ᠪᠠᠲᠤ ᠰᠠᠬᠢᠵᠤ᠂ ᠨᠡᠶᠢᠭᠡᠮ ᠤᠨ | ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠎ᠡ ᠭᠡᠵᠦ ᠣᠯᠠᠨ ᠢᠶᠠᠷ ᠢᠶᠠᠨ ᠰᠠᠨᠠᠯ ᠨᠢᠭᠡᠲᠡᠶ ᠪᠠᠶᠢᠬᠤ ᠶᠢᠨ | ᠬᠠᠮᠲᠤ᠂ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠶ ᠠᠭᠤᠰᠤᠯᠴᠠᠵᠤ᠂ ᠠᠮᠢᠳᠤᠷᠠᠯ ᠳᠤ ᠣᠶᠢᠷᠠᠳᠣᠡᠡᠰᠠᠨ᠂ | ᠢᠳᠡ ᠬᠦᠴᠦ ᠨᠡᠮᠡᠭᠳᠡᠭᠦᠯᠳᠡᠭ ᠨᠠᠩ ᠤᠯᠠᠨ ᠰᠣᠳᠣᠨ ᠪᠦᠲᠦᠭᠡᠯ ᠭᠠᠷᠭᠠᠵᠤ᠂ ᠴᠠᠭ ᠦᠶ᠎ᠡ ᠶᠢ ᠤᠶᠠᠩᠭᠠᠯᠠᠨ | ᠳᠠᠭᠤᠯᠠᠵᠤ᠂ ᠣᠷᠣᠨ ᠨᠤᠲᠤᠭ ᠢᠶᠠᠨ ᠤᠬᠠᠭᠤᠯᠤᠨ ᠲᠠᠨᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ | ᠬᠦᠴᠦᠨ ᠨᠡᠮᠡᠷᠢᠯᠡᠨ᠎ᠡ ᠭᠡᠵᠡᠬᠡᠪᠡ᠃ ᠬᠤᠷᠠᠯ ᠳᠡᠭᠡᠷ᠎ᠡ ᠪᠠᠰᠠ ︽︿ᠰᠦᠯᠵᠢᠶᠡᠨ ᠣᠳᠣᠳ ᠰᠡᠳᠬᠢᠯ ᠨᠢᠭᠡᠲᠡᠶ ᠪᠠᠷ | ᠪᠣᠯᠪᠠᠰᠤᠨ ᠢ ᠦᠢᠯᠡᠳᠣᠯᠭᠡᠵᠢᠭᠦᠯᠬᠦ﹀ ᠰᠠᠨᠠᠭᠠᠴᠢᠯᠠᠭ᠎ᠠ ᠶᠢᠨ ᠪᠢᠴᠢᠭ︾ ᠢ ᠲᠠᠷᠬᠠᠭᠠᠭᠰᠠᠨ ᠪᠥᠭᠡᠳ ᠤᠩᠰᠢᠨ | ᠨᠡᠶᠢᠲᠡᠯᠡᠪᠡ᠃ | | | | | | ᠲᠤᠰ ᠤᠳᠠᠭᠠᠨ ᠤ ᠠᠵᠢᠯᠯᠠᠭ᠎ᠠ ᠨᠢ ᠪᠠᠶᠢᠴᠠᠭᠠᠨ ᠰᠤᠳᠤᠯᠬᠤ ᠲᠠᠪᠴᠠᠩ ᠪᠠᠶᠢᠭᠤᠯᠣᠨ᠂ ᠠᠷᠤ ᠬᠤᠷᠴᠢᠨ | ᠬᠤᠰᠢᠭᠤᠨ ᠤ ᠰᠦᠯᠵᠢᠶᠡᠨ ᠣᠳᠣᠳ ᠢ ᠤᠷᠢᠵᠤ ᠨᠢᠭᠡᠳᠦᠭᠡᠷ ᠹᠷᠣᠨᠲ ᠲᠤ ᠣᠴᠢᠭᠤᠯᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤᠮᠳᠠᠬᠢ ᠬᠤᠪᠢᠷᠠᠯᠲᠠ ᠶᠢ ᠪᠡᠶᠡᠴᠢᠯᠠᠨ ᠮᠡᠳᠡᠷᠡᠭᠦᠯᠵᠦ᠂ ᠲᠡᠳᠡᠨᠡᠷ ᠤᠨ ᠤᠯᠠᠮᠵᠢᠯᠠᠨ | ᠳᠡᠯᠭᠡᠷᠡᠭᠦᠯᠬᠦ ᠪᠠ ᠵᠣᠬᠢᠶᠠᠨ ᠪᠦᠲᠦᠭᠡᠬᠦ ᠳᠠᠪᠠᠭᠤᠯᠢᠭ ᠲᠤ ᠲᠦᠰᠢᠭᠯᠡᠨ ᠦᠨᠳᠦᠰᠦᠨ ᠱᠠᠳᠣᠨ ᠤ ᠰᠢᠯᠢᠳᠡᠭ | ᠪᠦᠲᠦᠭᠡᠯ ᠢ ᠵᠣᠬᠢᠶᠠᠨ ᠪᠦᠲᠦᠭᠡᠵᠦ᠂ ᠠᠵᠤ ᠦᠢᠯᠡᠰ᠂ ᠠᠮᠢ ᠠᠬᠤᠶ᠂ ᠨᠤᠲᠤᠭ ᠤᠨ ᠰᠤᠷᠲᠠᠯ ᠢ ᠠᠮᠢᠳᠤᠯᠢᠭ | ᠦᠯᠢᠭᠡᠷ ᠪᠣᠯᠭᠠᠨ ᠬᠤᠪᠢᠷᠠᠭᠤᠯᠵᠤ ᠪᠦᠬᠦ ᠬᠤᠰᠢᠭᠤᠨ ᠤ ᠬᠥᠭᠵᠢᠯᠲᠡ ᠳᠤ ᠰᠣᠶᠣᠯ ᠪᠠ ᠤᠬᠠᠭᠤᠯᠭ᠎ᠠ ᠶᠢᠨ | ᠬᠥᠳᠡᠯᠭᠡᠬᠦ ᠬᠦᠴᠦᠨ ᠨᠡᠮᠡᠷᠢᠯᠡᠪᠡ᠃ ︵ᠰᠠᠶᠢᠬᠠᠡᠬᠤᠸᠠᠷ᠂ ᠵᠣᠤ ᠶᠠ ᠨᠠᠨ︶ | | |