ᠪᠦᠬᠦ ᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠤᠤᠭᠠᠯ ᠪᠦᠲᠦᠭᠡᠯᠲᠦ ᠠᠭᠤᠳᠠᠮ ᠲᠠᠯᠠᠪᠠᠢ ᠶᠢᠨ ᠪᠥᠵᠢᠭ ᠤᠨ ᠪᠣᠯᠪᠠᠰᠤᠷᠠᠯ ᠤᠨ ᠠᠩᠭᠢ ᠶᠢᠨ ᠠᠷᠤ ᠬᠤᠷᠴᠢᠨ ᠬᠤᠰᠢᠭᠤᠨ ᠳᠠᠬᠢ ᠪᠣᠯᠪᠠᠰᠤᠷᠠᠯ ᠤᠷᠤᠭᠰᠢᠲᠠᠶ ᠶᠠᠪᠤᠭᠳᠠᠪᠠ
ᠨᠡᠶᠢᠲᠡᠯᠡᠭᠰᠡᠨ ᠴᠠᠭ᠄
2025/5/13
       ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ  ᠠᠮᠢᠳᠤᠷᠠᠯ ᠢ  ᠣᠯᠠᠮ  ᠨᠢᠭᠡ  ᠠᠯᠬᠤᠮ  ᠪᠠᠶᠠᠯᠢᠭᠵᠢᠭᠤᠯᠤᠨ  ᠂ ᠪᠥᠬᠦ ᠠᠷᠠᠳ ᠤᠨ ᠪᠡᠶ᠎ᠡ  ᠴᠢᠭᠢᠷᠠᠭᠵᠢᠯ ᠢ  ᠠᠬᠢᠭᠤᠯᠬᠤ ᠶᠢᠨ  ᠲᠤᠰᠠᠳᠠ᠂   ᠣᠶᠢᠷ᠎ᠠ  ᠶᠢᠨ  ᠡᠳᠦᠷ᠂ ᠤᠯᠠᠭᠠᠨᠬᠠᠳᠠ ᠬᠤᠲᠠ ᠶᠢᠨ ᠪᠥᠬᠦ ᠠᠷᠠᠳ ᠤᠨ ᠨᠡᠶᠢᠲᠡ ᠶᠢᠨ ᠠᠰᠠᠷᠠᠮᠵᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠤᠷᠠᠯᠢᠭ ᠤᠨ ᠪᠣᠯᠪᠠᠰᠤᠷᠠᠯ ᠤᠨ ᠢᠨᠵᠧᠨᠧᠷᠢᠩ ᠵᠢᠴᠢ ᠪᠦᠬᠦ ᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠤᠤᠭᠠᠯ ᠪᠦᠲᠦᠭᠡᠯᠲᠦ ᠠᠭᠤᠳᠠᠮ ᠲᠠᠯᠠᠪᠠᠢ ᠶᠢᠨ ᠪᠥᠵᠢᠭ ᠤᠨ ᠪᠣᠯᠪᠠᠰᠤᠷᠠᠯ ᠤᠨ ᠠᠩᠭᠢ ᠶᠢᠨ ᠠᠷᠤ ᠬᠤᠷᠴᠢᠨ ᠬᠤᠰᠢᠭᠤᠨ ᠳᠠᠬᠢ ᠪᠣᠯᠪᠠᠰᠤᠷᠠᠯ ᠤᠷᠤᠭᠰᠢᠲᠠᠶ ᠶᠠᠪᠤᠭᠳᠠᠪᠠ᠃
       ᠪᠣᠯᠪᠠᠰᠤᠷᠠᠯ ᠨᠢ ᠣᠨᠣᠯ ᠤᠨ ᠲᠠᠶᠢᠯᠤᠮᠵᠢ ᠪᠠ ᠦᠢᠯᠡᠳᠣᠯᠭᠡ ᠠᠵᠢᠯᠯᠠᠭ᠎ᠠ ᠶᠢ ᠤᠶᠠᠯᠳᠤᠭᠤᠯᠬᠤ ᠬᠡᠯᠪᠡᠷᠢ ᠪᠠᠷ ᠠᠭᠤᠳᠠᠮ ᠲᠠᠯᠠᠪᠠᠢ ᠶᠢᠨ ᠪᠥᠵᠢᠭ ᠤᠨ ᠦᠨᠳᠦᠰᠦᠨ ᠬᠥᠳᠡᠯᠭᠡᠭᠡᠨ ᠬᠥᠭ ᠠᠶᠢᠵᠠᠮ ᠤᠨ ᠡᠵᠡᠮᠰᠢᠯ᠂ ᠪᠥᠵᠢᠭ ᠤᠨ ᠨᠠᠶᠢᠷᠠᠭᠤᠯᠭ᠎ᠠ ᠵᠡᠷᠭᠡ ᠲᠠᠯ᠎ᠠ ᠪᠠᠷ ᠨᠠᠷᠢᠯᠢᠭ ᠵᠢᠭᠠᠨ ᠵᠢᠯᠣᠭᠤᠳᠣᠯᠭ᠎ᠠ ᠥᠭᠴᠡᠶ᠃ ᠪᠣᠯᠪᠠᠰᠤᠷᠠᠯ ᠳᠤ ᠣᠷᠣᠯᠴᠠᠭᠰᠠᠳ ᠤᠷᠮ᠎ᠠ ᠵᠣᠷᠢᠭ ᠬᠦᠭᠵᠢᠩᠭᠦᠢ ᠪᠠᠶᠢᠵᠤ᠂ ᠵᠢᠯᠣᠭᠤᠳᠤᠭᠴᠢ ᠪᠠᠭᠰᠢ ᠲᠠᠢ ᠢᠳᠡᠪᠬᠢᠲᠡᠶ ᠬᠥᠳᠡᠯᠦᠯᠴᠡᠨ᠂ ᠬᠥᠳᠡᠯᠭᠡᠭᠡᠨ ᠨᠢᠭᠡᠪᠦᠷᠢ ᠶᠢ ᠨᠠᠷᠢᠨ ᠬᠢᠨᠠᠮᠠᠭᠠᠶ ᠰᠤᠷᠴᠤ ᠪᠣᠯᠪᠠᠰᠤᠷᠠᠵᠤ᠂ ᠲᠤᠬᠠᠶ ᠶᠢᠨ ᠲᠠᠯᠠᠪᠠᠶ ᠶᠢᠨ ᠰᠤᠷᠤᠯᠴᠠᠯᠭ᠎ᠠ ᠶᠢᠨ ᠠᠭᠤᠷ ᠠᠮᠢᠰᠬᠤᠯ ᠮᠠᠰᠢ ᠰᠠᠶᠢᠨ ᠪᠠᠶᠢᠯ᠎ᠠ᠃
       ᠲᠤᠰ ᠤᠳᠠᠭᠠᠨ ᠤ ᠪᠣᠯᠪᠠᠰᠤᠷᠠᠯ ᠳᠤ ᠠᠷᠤ ᠬᠤᠷᠴᠢᠨ ᠬᠤᠰᠢᠭᠤᠨ ᠤ ᠡᠯ᠎ᠡ ᠨᠡᠶᠢᠭᠡᠮ ᠲᠣᠭᠤᠷᠢᠭ᠂ ᠰᠤᠮᠤ ᠰᠢᠶᠠᠩ ᠪᠠᠯᠭᠠᠰᠤ ᠶᠢᠨ ᠠᠭᠤᠳᠠᠮ ᠲᠠᠯᠠᠪᠠᠶ ᠶᠢᠨ ᠪᠥᠵᠢᠭ ᠤᠨ ᠪᠠᠭ᠋ᠠᠳᠠᠳ ᠢᠳᠡᠪᠬᠢᠲᠡᠶ ᠣᠷᠣᠯᠴᠠᠵᠤ᠂ ᠭᠤᠷᠪᠠᠨ ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠢᠶᠠᠷ ᠳᠠᠮᠵᠢᠨ ᠠᠭᠤᠳᠠᠮ ᠲᠠᠯᠠᠪᠠᠶ ᠶᠢᠨ ᠪᠥᠵᠢᠭ ᠤᠨ ᠰᠢᠨ᠎ᠡ ᠤᠷ᠎ᠠ ᠮᠡᠷᠭᠡᠵᠢᠯ ᠢ ᠡᠵᠡᠮᠰᠢᠭᠰᠡᠨ ᠢᠶᠠᠷ ᠪᠠᠷᠠᠬᠤ ᠥᠬᠡᠶ ᠠᠭᠤᠳᠠᠮ ᠲᠠᠯᠠᠪᠠᠢ ᠶᠢᠨ ᠪᠥᠵᠢᠭ ᠲᠤ ᠨᠠᠩ ᠳᠤᠷ᠎ᠠ ᠪᠠᠭ᠋ᠠᠲᠠᠶ ᠪᠣᠯᠪᠠ᠃ ᠠᠵᠢᠯᠯᠠᠭ᠎ᠠ ᠨᠢ ᠣᠯᠠᠨ ᠤ ᠰᠣᠶᠣᠯ ᠤᠨ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢ ᠨᠡᠮᠡᠭᠳᠡᠭᠦᠯᠵᠦ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃ ︵ᠴᠡᠯᠮᠡᠭ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号