5 ᠰᠠᠷ᠎ᠠ ᠶᠢᠨ 12 ᠤᠨ ᠡᠳᠦᠷ᠂ ᠠᠷᠤ ᠬᠤᠷᠴᠢᠨ ᠬᠤᠰᠢᠭᠤ ︽ᠬᠥᠮᠦᠨ ᠪᠣᠯᠭᠠᠨ ᠠᠮᠤᠷ ᠲᠦᠪᠰᠢᠨ ᠢ | ᠡᠷᠬᠢᠮᠯᠡᠨ᠂ ᠪᠠᠴᠢᠮ ᠪᠠᠶᠢᠳᠡᠯ ᠢ ᠠᠷᠭᠠᠴᠠᠭᠠᠵᠤ ᠴᠢᠳᠠᠬᠤ ᠴᠢᠬᠤᠯᠠᠲᠠᠶ - ᠳᠡᠷᠭᠡᠳᠡᠬᠢ ᠠᠶᠤᠯ ᠭᠠᠮᠰᠢᠭ ᠤᠨ ᠭᠡᠮ | ᠰᠣᠭᠤᠭ ᠢ ᠵᠢᠭᠰᠠᠭᠠᠨ ᠪᠠᠶᠢᠴᠠᠭᠠᠶ᠎ᠠ︾ ᠭᠡᠬᠦ ᠪᠠᠷ ᠭᠤᠤᠯ ᠰᠡᠳᠦᠪ ᠪᠣᠯᠭᠠᠭᠰᠠᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠤᠰᠢᠭᠤᠨ ᠪᠠᠴᠢᠮ ᠪᠠᠶᠢᠳᠡᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠪ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 18 ᠪᠠᠶᠢᠭᠤᠯᠭ᠎ᠠ ᠨᠢᠭᠡᠴᠡ ᠵᠢᠴᠢ ᠮᠠᠰᠢ ᠣᠯᠠᠨ | ᠨᠡᠶᠢᠭᠡᠮ ᠤᠨ ᠰᠠᠶᠢᠨ ᠲᠤᠷᠠᠴᠤᠳ ᠬᠠᠮᠲᠤ ᠪᠠᠷ ᠠᠵᠢᠯᠯᠠᠭ᠎ᠠ ᠳᠤ ᠣᠷᠣᠯᠴᠠᠪᠠ᠃ | | | | | | ᠠᠵᠢᠯᠯᠠᠭ᠎ᠠ ᠳᠤ᠂ ᠤᠬᠠᠭᠤᠯᠭ᠎ᠠ ᠶᠢᠨ ᠰᠠᠮᠪᠠᠷ᠎ᠠ ᠭᠠᠷᠭᠠᠨ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ | ᠡᠯᠭᠦᠵᠦ᠂ 20000 ᠭᠠᠷᠤᠶ ᠬᠤᠪᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠭᠠᠷ ᠳᠡᠪᠲᠡᠷ ᠵᠢᠴᠢ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ᠂ ᠣᠯᠠᠨ ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ ᠰᠢᠷᠦᠭᠦᠨ | ᠪᠣᠷᠣᠭᠠᠨ ᠦᠶᠡᠷ ᠤᠰᠤᠲᠤᠯ ᠠᠴᠠ ᠰᠡᠷᠭᠡᠶᠢᠯᠡᠬᠦ᠂ ᠭᠠᠵᠠᠷ ᠬᠥᠳᠡᠯᠦᠯᠲᠡ ᠠᠴᠠ ᠰᠡᠷᠭᠡᠶᠢᠯᠡᠬᠦ᠂ ᠤᠰᠤᠨ ᠳᠤ | ᠵᠢᠪᠬᠦ ᠠᠴᠠ ᠰᠡᠷᠭᠡᠶᠢᠯᠡᠬᠦ᠂ ᠭᠠᠯ ᠤᠨ ᠠᠶᠤᠯ ᠠᠴᠠ ᠠᠮᠢ ᠵᠢᠭᠤᠲᠠᠬᠤ᠂ ᠲᠦᠷᠭᠡᠨ ᠠᠪᠤᠷᠠᠯᠲᠠ ᠬᠢᠬᠦ ᠵᠡᠷᠭᠡ ᠮᠡᠳᠡᠯᠭᠡ | ᠤᠷ᠎ᠠ ᠴᠢᠳᠠᠪᠤᠷᠢ ᠶᠢ ᠣᠯᠠᠨ ᠳᠡᠰ ᠳᠠᠪᠬᠤᠷᠭ᠎ᠠ ᠠᠴᠠ ᠪᠥᠬᠦ ᠲᠠᠯ᠎ᠠ ᠪᠠᠷ ᠤᠬᠠᠭᠤᠯᠤᠨ ᠲᠦᠭᠡᠮᠡᠯᠵᠢᠭᠦᠯᠵᠦ᠂ ᠪᠠᠰᠠ | ᠲᠤᠬᠠᠶ ᠶᠢᠨ ᠲᠠᠯᠠᠪᠠᠢ ᠶᠢᠨ ᠳᠠᠭᠤᠷᠢᠶᠠᠮᠠᠯ ᠦᠵᠡᠭᠦᠯᠭᠡ ᠪᠠᠷ ᠳᠠᠮᠵᠢᠭᠤᠯᠤᠨ ᠦᠶᠡᠷ ᠤᠰᠤᠲᠤᠯ᠂ ᠭᠠᠵᠠᠷ | ᠬᠥᠳᠡᠯᠦᠯᠲᠡ ᠂ ᠮᠥᠨᠳᠥᠷ᠂ ᠬᠦᠴᠦᠲᠡᠶ ᠰᠠᠯᠬᠢ᠂ ᠴᠠᠰᠤ ᠰᠢᠭᠤᠷᠭ᠎ᠠ᠂ ᠭᠠᠯ ᠤᠨ ᠠᠶᠤᠯ ᠵᠡᠷᠭᠡ ᠣᠯᠠᠨ ᠵᠦᠢᠯ ᠤᠨ | ᠪᠠᠶᠢᠭᠠᠯᠢ ᠶᠢᠨ ᠭᠠᠮᠰᠢᠭ ᠲᠤ ᠴᠢᠭᠯᠡᠭᠦᠯᠦᠭᠰᠡᠨ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠪᠠ ᠳᠠᠯᠳᠠ ᠬᠡᠮ ᠤᠨ | ᠵᠢᠭᠰᠠᠭᠠᠨ ᠪᠠᠶᠢᠴᠠᠭᠠᠯᠳᠠ ᠶᠢ ᠪᠦᠬᠦ ᠲᠠᠯ᠎ᠠ ᠪᠠᠷ ᠤᠬᠠᠭᠤᠯᠤᠨ ᠲᠦᠭᠡᠮᠡᠯᠵᠢᠭᠦᠯᠵᠦ᠂ ᠣᠯᠠᠨ ᠨᠡᠶᠢᠲᠡ ᠶᠢᠨ ᠭᠠᠮᠰᠢᠭ ᠢ | ᠰᠡᠷᠭᠡᠶᠢᠯᠡᠬᠦ ᠤᠬᠠᠮᠰᠠᠷ ᠢ ᠬᠦᠴᠦᠲᠡᠶ ᠴᠢᠩᠭᠠᠳᠬᠠᠨ᠂ ᠭᠠᠮᠰᠢᠭ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ | ᠮᠡᠳᠡᠯᠭᠡ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠡᠶ᠃ | | | | | | ᠲᠤᠰ ᠤᠳᠠᠭᠠᠨ ᠤ ︽ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ︾ ᠤᠨ ᠤᠬᠠᠭᠤᠯᠭ᠎ᠠ ᠶᠢᠨ | ᠠᠵᠢᠯᠯᠠᠭ᠎ᠠ ᠨᠢ ᠠᠭᠤᠯᠭ᠎ᠠ ᠪᠠᠶᠠᠯᠢᠭ᠂ ᠬᠡᠯᠪᠡᠷᠢ ᠣᠯᠠᠨ ᠶᠠᠩᠵᠤ ᠪᠠᠶᠢᠵᠤ ᠬᠥᠮᠦᠰ ᠤᠨ ᠰᠡᠳᠬᠢᠯ ᠳᠤ ᠭᠦᠨ | ᠬᠠᠳᠠᠩᠰᠢᠵᠦ᠂ ᠨᠡᠯᠢᠶᠡᠳ ᠰᠠᠶᠢᠨ ᠤᠬᠠᠭᠤᠯᠭ᠎ᠠ ᠶᠢᠨ ᠦᠷ᠎ᠡ ᠪᠦᠲᠦᠮᠵᠢ ᠣᠯᠪᠠ᠃ ᠡᠯ᠎ᠡ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ | ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠪᠠᠰᠠ ᠪᠠᠶᠢᠭᠠᠯᠢ ᠶᠢᠨ ᠭᠠᠮᠰᠢᠭ ᠤᠨ ᠠᠶᠤᠯ | ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠭᠦᠯᠵᠢᠯᠡᠨ ᠰᠠᠶᠢᠳᠣᠷ ᠵᠣᠬᠢᠶᠠᠨ | ᠪᠠᠶᠢᠭᠤᠯᠣᠨ ᠥᠷᠨᠢᠭᠦᠯᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ | ᠠᠷᠢᠯᠭᠠᠵᠤ ᠭᠠᠮᠰᠢᠭ ᠲᠤ ᠬᠤᠯᠪᠣᠭᠳᠠᠬᠤ ᠳᠠᠯᠳᠠ ᠬᠡᠮ ᠢ ᠴᠤᠬᠤᠶᠢᠬᠤ ᠦᠶ᠎ᠡ ᠳᠤ ᠨᠢ ᠭᠠᠮᠰᠢᠭ ᠪᠣᠯᠬᠤ ᠠᠴᠠ ᠨᠢ | ᠡᠮᠦᠨ᠎ᠡ ᠦᠨᠡᠨ ᠬᠦ ᠰᠢᠢᠳᠪᠦᠷᠢᠯᠡᠨ᠂ ᠠᠮᠤᠷ ᠲᠠᠶᠢᠪᠤᠩ᠂ ᠡᠶ᠎ᠡ ᠵᠣᠬᠢᠴᠠᠯ ᠲᠠᠢ ᠠᠷᠤ ᠬᠤᠷᠴᠢᠨ ᠬᠤᠰᠢᠭᠤ ᠶᠢ | ᠴᠣᠭᠴᠠᠯᠠᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ ︵ᠤᠷᠭᠤᠮᠠᠯ︶ | | | | |