5 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠧᠨ ᠬᠤ᠋ ᠨᠠᠨ ᠬᠤᠰᠢᠭᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠪᠠ᠃ | ᠬᠤᠷᠠᠯ ᠳᠡᠭᠡᠷ᠎ᠡ᠂ ᠬᠤᠰᠢᠭᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠬᠠᠷᠢᠭᠤᠴᠠᠯᠭᠠᠲᠠᠨ ᠠᠴᠠ ᠪᠦᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠨ ᠰᠠᠯᠠᠭ᠎ᠠ | ᠮᠥᠴᠢᠷ ᠤᠳ ᠠᠴᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠬᠡᠪᠴᠢᠶᠡᠨ ᠤ ᠠᠵᠢᠯ ᠤᠨ ᠲᠣᠭᠤᠷᠢᠨ ᠳᠤ | ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠬᠠᠶ | ᠰᠠᠨᠠᠯ ᠰᠠᠨᠠᠭᠤᠯᠭ᠎ᠠ ᠳᠤᠷᠠᠳᠴᠠᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ | ᠴᠢᠩᠭᠠᠳᠬᠠᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠠᠵᠤ ᠦᠢᠯᠡᠰ ᠤᠨ ᠲᠥᠷᠥ ᠶᠢᠨ | ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠤᠯᠠᠭᠠᠡᠬᠠᠳᠠ ᠬᠤᠲᠠ ᠶᠢᠨ ᠪᠠᠶᠢᠷᠢᠯᠠᠭᠤᠯᠣᠯᠳᠠ ᠲᠠᠢ | ᠤᠶᠠᠯᠳᠤᠭᠤᠯᠤᠨ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠥᠷᠭᠡᠨ ᠢᠶᠠᠷ ᠰᠠᠨᠠᠯ ᠬᠤᠷᠢᠶᠠᠵᠤ᠂ | ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠨ ᠲᠥᠯᠥᠪᠵᠢᠭᠦᠯᠭᠡ ᠶᠢᠨ ᠪᠣᠳᠠᠲᠠᠶ ᠲᠠᠢ ᠨᠡᠶᠢᠴᠡᠬᠦ᠂ ᠦᠨᠡᠨ | ᠬᠦ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠶ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ | ︽ᠨᠢᠭᠡᠳᠦᠭᠡᠷ ᠠᠵᠤ ᠦᠢᠯᠡᠰ ᠢ ᠲᠣᠭᠲᠠᠪᠤᠷᠢᠵᠢᠭᠤᠯᠬᠤ᠂ ᠬᠤᠶᠠᠳᠤᠭᠠᠷ ᠠᠵᠤ ᠦᠢᠯᠡᠰ ᠢ ᠨᠡᠮᠡᠭᠳᠡᠭᠦᠯᠬᠦ᠂ | ᠭᠤᠷᠪᠠᠳᠤᠭᠠᠷ ᠠᠵᠤ ᠦᠢᠯᠡᠰ ᠢ ᠰᠢᠯᠢᠳᠡᠭᠵᠢᠭᠦᠯᠬᠦ︾ ᠬᠠᠷᠠᠯᠲᠠ ᠶᠣᠰᠣᠭᠠᠷ᠂ ᠳᠠᠪᠠᠭᠤᠯᠢᠭ ᠲᠠᠭᠠᠨ ᠠᠩᠬᠠᠷᠤᠯ ᠢᠶᠠᠨ | ᠲᠥᠪᠯᠡᠷᠡᠭᠦᠯᠦᠨ ᠣᠨᠴᠠᠯᠢᠭᠲᠤ ᠠᠵᠤ ᠦᠢᠯᠡᠰ ᠢ ᠪᠤᠶᠢᠵᠢᠭᠤᠯᠵᠤ᠂ ᠠᠵᠤ ᠦᠢᠯᠡᠰ ᠤᠨ ᠣᠷᠣᠨ ᠵᠠᠶ ᠶᠢᠨ | ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠦᠨ᠂ ᠭᠤᠷᠪᠠᠨ ᠠᠵᠤ ᠦᠢᠯᠡᠰ ᠤᠨ ᠭᠦᠨᠵᠡᠭᠡᠶ | ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠶ︔ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ | ᠭᠦᠨᠵᠡᠭᠡᠶᠢᠷᠡᠭᠦᠯᠵᠦ᠂ ᠰᠡᠳᠬᠢᠮᠵᠢ ᠪᠠᠨ ᠴᠢᠯᠥᠭᠡᠯᠡᠨ ᠬᠠᠷᠠᠭ᠎ᠠ ᠪᠠᠨ ᠥᠷᠭᠡᠳᠬᠡᠵᠦ᠂ ᠳᠤᠤᠷ᠎ᠠ ᠠᠭᠠᠷ ᠤᠨ ᠠᠵᠤ | ᠠᠬᠤᠶ᠂ ᠰᠢᠨ᠎ᠡ ᠬᠡᠯᠪᠡᠷᠢ ᠶᠢᠨ ᠡᠨᠧᠷᠭᠢ ᠨᠥᠭᠡᠴᠡᠯᠡᠬᠦ᠂ ᠲᠣᠭᠠᠴᠢᠯᠠᠭᠰᠠᠨ ᠠᠵᠤ ᠠᠬᠤᠶ᠂ ᠠᠮᠢᠳᠤ ᠪᠣᠳᠠᠰ ᠤᠨ | ᠡᠭᠦᠯᠳᠡᠷ ᠪᠤᠶᠢᠵᠢᠭᠤᠯᠬᠤ ᠵᠡᠷᠭᠡ ᠬᠦᠷᠢᠶᠡᠨ ᠤ ᠲᠣᠭᠤᠷᠢᠨ ᠳᠤ ᠨᠢᠭᠡ ᠪᠦᠯᠦᠭ ᠳᠤᠲᠠᠭᠤᠳᠠᠯ ᠢ ᠨᠥᠬᠦᠪᠥᠷᠢᠯᠡᠬᠦ᠂ | ᠠᠯᠤᠰ ᠬᠡᠲᠦ ᠳᠤ ᠠᠰᠢᠭᠲᠠᠶ᠂ ᠨᠥᠭᠡᠴᠡ ᠬᠦᠴᠦᠨ ᠢ ᠨᠡᠮᠡᠭᠳᠡᠭᠦᠯᠬᠦ ᠰᠢᠯᠢᠳᠡᠭ ᠲᠥᠷᠥᠯ ᠵᠦᠢᠯ ᠢ ᠣᠨᠣᠴᠠᠲᠠᠶ ᠪᠠᠷ | ᠲᠥᠯᠥᠪᠵᠢᠭᠦᠯᠬᠦ ᠬᠡᠷᠡᠭᠲᠡᠶ︔ ᠰᠢᠰᠲ᠋ᠧᠮᠲᠦ ᠰᠡᠳᠬᠢᠬᠦᠶ ᠶᠢ ᠪᠠᠷᠢᠮᠲᠠᠯᠠᠵᠤ᠂ ᠳᠡᠭᠡᠳᠦ ᠳᠣᠣᠷᠠᠳᠤ ᠱᠠᠲᠤ ᠶᠢ | ᠵᠣᠯᠭᠠᠭᠤᠯᠵᠤ᠂ ᠡᠮᠦᠨ᠎ᠡ ᠬᠤᠶᠢᠨᠠᠬᠢ ᠶᠢ ᠨᠡᠪᠲᠡᠷᠡᠯᠴᠡᠭᠦᠯᠵᠦ᠂ ᠵᠡᠭᠦᠨᠰᠢ ᠪᠠᠷᠠᠭᠤᠨᠰᠢ ᠬᠠᠮᠵᠢᠯᠴᠠᠬᠤ ᠶᠢ | ᠴᠢᠬᠤᠯᠠᠴᠢᠯᠠᠨ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠬᠥᠭᠵᠢᠯᠲᠡ ᠶᠢᠨ ᠪᠣᠳᠠᠲᠤ ᠪᠠᠶᠢᠳᠡᠯ᠂ ᠲᠤᠰᠬᠠᠶ | ᠲᠥᠯᠥᠪᠵᠢᠭᠦᠯᠭᠡ ᠵᠡᠷᠭᠡ ᠲᠠᠢ ᠣᠷᠭᠠᠨᠢᠭ ᠢᠶᠠᠷ ᠭᠦᠢᠴᠡᠣᠨ ᠤᠶᠠᠯᠳᠤᠭᠤᠯᠵᠤ᠂ ᠠᠷᠤ ᠬᠤᠷᠴᠢᠨ ᠬᠤᠰᠢᠭᠤᠨ ᠤ | ᠪᠣᠳᠠᠲᠤ ᠪᠠᠶᠢᠳᠠᠯ ᠳᠤ ᠨᠡᠶᠢᠴᠡᠭᠰᠡᠨ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠬᠥᠭᠵᠢᠯᠲᠡ ᠶᠢᠨ ᠵᠢᠷᠤᠭ | ᠲᠥᠰᠦᠪ ᠢ ᠨᠠᠶᠢᠷᠠᠭᠤᠯᠤᠨ ᠵᠣᠬᠢᠶᠠᠬᠤ ᠪᠠᠷ ᠴᠢᠷᠮᠠᠶᠢᠬᠤ ᠬᠡᠷᠡᠭᠲᠡᠶ ᠭᠡᠪᠡ᠃ | ᠬᠤᠷᠠᠯ ᠠᠴᠠ ᠪᠠᠰᠠ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠪᠡᠯᠡ | ᠣᠷᠣᠭᠤᠯᠤᠯᠲᠠ ᠶᠢᠨ ᠬᠥᠮᠥᠷᠭᠡ ᠳᠤ ᠣᠷᠣᠬᠤ ᠨᠣᠷᠮ᠎ᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠵᠢᠯ ᠤᠨ ᠪᠡᠶᠡᠯᠡᠭᠦᠯᠬᠦ ᠨᠣᠷᠮ᠎ᠠ ᠵᠡᠷᠭᠡ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃ | ᠬᠤᠷᠠᠯ ᠠᠴᠠ ᠡᠮᠦᠨ᠎ᠡ᠂ ᠴᠧᠨ ᠬᠣ᠋ ᠨᠠᠨ ᠬᠤᠰᠢᠭᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠶᠡᠷᠦᠩᠬᠡᠶᠢᠯᠡᠭᠰᠡᠨ ᠲᠠᠰᠤᠭ᠂ ᠨᠡᠶᠢᠭᠡᠮ ᠤᠨ ᠬᠥᠭᠵᠢᠯᠲᠡ ᠶᠢᠨ ᠲᠠᠰᠤᠭ᠂ ᠲᠣᠭᠲᠠᠮᠠᠯ ᠬᠦᠷᠥᠩᠭᠡ ᠶᠢᠨ | ᠪᠠᠯᠡ ᠣᠷᠣᠭᠤᠯᠤᠯᠲᠠ ᠶᠢᠨ ᠲᠠᠰᠤᠭ ᠵᠡᠷᠭᠡ ᠪᠠᠷ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ᠂ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠠᠬᠢᠴᠠ᠂ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ | ᠨᠥᠭᠡᠴᠡ ᠵᠡᠷᠭᠡ ᠪᠠᠶᠢᠳᠠᠯ ᠢ ᠭᠦᠨᠵᠡᠭᠡᠶ ᠤᠶᠢᠯᠠᠭᠠᠪᠠ᠃ | ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ | ᠳᠡᠳ᠋ ᠳᠠᠷᠤᠭ᠎ᠠ ᠭᠦᠸᠧ ᠯᠦ ᠮᠧᠩ ᠬᠤᠷᠠᠯ ᠳᠤ ᠣᠷᠣᠯᠴᠠᠵᠤ᠂ ᠬᠤᠰᠢᠭᠤᠨ ᠵᠠᠰᠠᠭ ᠤᠨ ᠣᠷᠳᠣᠨ ᠤ ᠠᠯᠪᠠᠨ ᠭᠡᠷ᠂ | ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠣᠡᠪᠣᠷᠢ ᠮᠡᠳᠡᠭᠡ ᠵᠠᠩᠭᠢᠴᠢᠯᠡᠯᠲᠡ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠡᠯᠡ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠤᠳᠤᠷᠢᠳᠬᠤ ᠪᠠᠭ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠵᠠᠶ᠃ | ︵ᠯᠢ ᠬᠤᠸᠠᠨ ᠢᠦᠶ︶ |