ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ | ᠰᠢᠨ᠎ᠡ ᠴᠠᠭ ᠦᠶ᠎ᠡ ᠶᠢᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠨ᠂ | ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠴᠡᠴᠡᠷᠯᠢᠭ ᠤᠨ ᠬᠡᠦᠬᠡᠳ ᠤᠳ ᠢ | ᠬᠥᠲᠥᠯᠥᠨ ᠵᠢᠯᠣᠭᠤᠳᠴᠤ ᠪᠠᠶᠢᠭᠠᠳ ︽ᠤᠯᠤᠰ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠴᠡᠷᠢᠭ ᠢ | ᠬᠦᠴᠦᠷᠬᠡᠭᠵᠢᠭᠦᠯᠵᠦ᠂ ᠴᠡᠷᠢᠭ ᠢ ᠬᠦᠴᠦᠷᠬᠡᠭᠵᠢᠭᠦᠯᠪᠡᠯ ᠰᠠᠶ᠋ᠢ ᠤᠯᠤᠰ ᠭᠡᠷ ᠠᠮᠤᠷ ᠲᠦᠪᠰᠢᠨ ᠪᠠᠶᠢᠵᠤ ᠴᠢᠳᠠᠨ᠎ᠠ︾ | ᠭᠡᠬᠦ ᠣᠶᠢᠯᠠᠭᠠᠭᠳᠠᠬᠤᠨ ᠢ ᠪᠣᠢ ᠪᠣᠯᠭᠠᠬᠤ ᠶᠢᠨ ᠲᠥᠯᠥᠭᠡ᠂ 5 ᠰᠠᠷ᠎ᠠ ᠶᠢᠨ 13 ᠤ ᠡᠳᠦᠷ᠂ ︽ᠵᠠᠯᠠᠭᠤ ᠨᠠᠰᠤ ᠪᠠᠨ | ᠡᠷᠳᠡᠮ ᠮᠡᠳᠡᠯᠭᠡ ᠪᠠᠷ ᠵᠡᠪᠰᠡᠭᠯᠡᠨ ᠤᠮᠠᠷᠠᠲᠤ ᠬᠢᠯᠢ ᠪᠠᠨ ᠬᠠᠮᠠᠭᠠᠯᠠᠵᠤ᠂ ᠤᠯᠤᠰ ᠢᠶᠠᠨ ᠬᠦᠴᠦᠷᠬᠡᠭᠵᠢᠭᠦᠯᠦᠨ | ᠮᠠᠨᠳᠤᠭᠤᠯᠬᠤ ᠳᠤ ᠬᠠᠷᠢᠭᠤᠴᠠᠯᠭ᠎ᠠ ᠡᠭᠦᠷᠭᠡᠯᠡᠨ᠎ᠡ︾ ᠭᠡᠬᠦ ᠠᠷᠤ ᠬᠤᠷᠴᠢᠨ ᠬᠤᠰᠢᠭᠤᠨ ᠤ ᠭᠤᠷᠪᠠᠳᠤᠭᠠᠷ | ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠭᠤᠤᠯ ᠰᠡᠳᠦᠪᠲᠦ ᠰᠢᠷᠢᠰ ᠪᠦᠲᠦᠭᠡᠯ ᠤᠨ ᠦᠵᠡᠭᠦᠯᠭᠡ ᠶᠠᠪᠤᠭᠳᠠᠵᠤ᠂ | ᠬᠤᠰᠢᠭᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠣᠯᠭᠡ ᠶᠢᠨ ᠲᠥᠪ ᠲᠤ ᠳᠡᠯᠭᠡᠨ ᠦᠵᠡᠭᠦᠯᠪᠡ᠃ | | | | ᠲᠤᠰ ᠤᠳᠠᠭᠠᠨ ᠤ ᠦᠵᠡᠭᠦᠯᠭᠡ ᠳᠤ ᠨᠡᠶᠢᠲᠡ 324 ᠪᠦᠲᠦᠭᠡᠯ ᠣᠷᠣᠯᠴᠠᠵᠤ᠂ ᠤᠷᠠᠨ ᠵᠢᠷᠤᠭ᠂ ᠤᠷᠠᠨ | ᠪᠢᠴᠢᠯᠭᠡ᠂ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠭᠤᠷᠪᠠᠨ ᠵᠦᠢᠯ ᠤᠨ ᠦᠵᠡᠭᠦᠯᠭᠡ ᠶᠢᠨ ᠲᠣᠭᠤᠷᠢᠭ | ᠲᠣᠬᠢᠷᠠᠭᠤᠯᠤᠨ ᠳᠡᠯᠭᠡᠨ ᠦᠵᠡᠭᠦᠯᠪᠡ᠃ ᠦᠵᠡᠭᠦᠯᠭᠡ ᠶᠢᠨ ᠪᠦᠲᠦᠭᠡᠯ ᠨᠢ ᠪᠦᠲᠦᠭᠡᠯᠴᠢ ᠴᠢᠨᠠᠷ ᠢᠶᠠᠷ ᠴᠢᠩᠭ᠎ᠠ᠂ | ᠤᠯᠤᠰ ᠢᠶᠠᠨ ᠬᠠᠶᠢᠷᠠᠯᠠᠬᠤ ᠰᠡᠳᠬᠢᠯᠭᠡ ᠪᠠᠷ ᠪᠢᠯᠬᠠᠮ᠎ᠠ ᠪᠠᠶᠢᠵᠤ᠂ ᠥᠪᠡᠷᠮᠢᠴᠡ ᠣᠨᠴᠠᠯᠢᠭ ᠲᠠᠢ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠦᠵᠡᠮᠵᠢ ᠵᠢᠷᠤᠭ ᠢ ᠪᠦᠷᠢᠯᠳᠦᠭᠦᠯᠪᠡ᠃ ᠬᠡᠦᠬᠡᠳ ᠤᠳ ᠠᠰᠪᠤᠷ ᠴᠠᠭᠠᠪᠤᠷ | ᠵᠢᠷᠤᠯᠭ᠎ᠠ᠂ ᠤᠷᠠᠨ ᠲᠡᠮᠲᠡᠶ ᠭᠠᠷ ᠤᠷᠠᠯᠠᠯ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠤᠨ | ᠲᠤᠬᠠᠶ ᠴᠢᠩ ᠦᠨᠡᠨᠴᠢ ᠬᠦᠰᠡᠯ ᠡᠷᠡᠮᠡᠯᠵᠡᠯ ᠢᠶᠠᠨ ᠢᠯᠡᠷᠡᠭᠦᠯᠵᠦ᠂ ᠰᠤᠷᠤᠭᠴᠢᠳ ᠢᠳᠡᠷᠡᠭᠦᠨ ᠬᠦᠴᠦᠲᠡᠶ | ᠪᠢᠷ ᠪᠡᠬᠡᠰ᠂ ᠠᠮᠢᠳᠤᠯᠢᠭ ᠰᠠᠶᠢᠬᠠᠨ ᠵᠢᠷᠤᠭ ᠳᠦᠷᠰᠦ ᠪᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠲᠤᠬᠠᠶ ᠭᠦᠨᠵᠡᠭᠡᠶ ᠪᠤᠳᠣᠯ ᠰᠡᠳᠬᠢᠯᠭᠡ ᠪᠠᠨ ᠢᠯᠡᠳᠬᠡᠵᠡᠶ᠃ | | | | | | ᠲᠤᠰ ᠤᠳᠠᠭᠠᠨ ᠤ ᠦᠵᠡᠭᠦᠯᠭᠡ ᠶᠢᠨ ᠪᠦᠲᠦᠭᠡᠯ ᠨᠢ ᠬᠤᠰᠢᠭᠤᠨ ᠨᠠᠮ ᠤᠨ ᠬᠤᠷᠢᠶᠠᠨ ᠤ ᠤᠬᠠᠭᠤᠯᠬᠤ | ᠬᠡᠯᠲᠡᠰ᠂ ᠬᠤᠰᠢᠭᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠡᠪᠯᠡᠯ ᠤᠨ ᠬᠤᠷᠢᠶ᠎ᠠ᠂ ᠬᠤᠰᠢᠭᠤᠨ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠰᠤᠷᠭᠠᠨ ᠬᠥᠮᠦᠵᠢᠯ ᠤᠨ | ᠲᠣᠪᠴᠢᠶ᠎ᠠ᠂ ᠬᠤᠰᠢᠭᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠣᠯᠭᠡ ᠶᠢᠨ ᠲᠥᠪ ᠵᠡᠷᠭᠡ ᠪᠠᠶᠢᠭᠤᠯᠭ᠎ᠠ | ᠨᠢᠭᠡᠴᠡ ᠶᠢᠨ ᠬᠠᠷᠢᠭᠤᠴᠠᠯᠭᠠᠲᠠᠨ ᠤ ᠴᠢᠩᠭ᠎ᠠ ᠬᠢᠨᠠᠨ ᠪᠠᠶᠢᠴᠠᠭᠠᠯᠳᠠ ᠶᠢ ᠥᠩᠭᠡᠷᠡᠭᠡᠪᠡ᠃ ᠬᠡᠰᠡᠭ ᠰᠤᠷᠭᠠᠭᠤᠯᠢ ᠶᠢᠨ | ᠪᠠᠭᠰᠢ ᠪᠠ ᠰᠤᠷᠤᠭᠴᠢ ᠶᠢᠨ ᠲᠥᠯᠥᠭᠡᠯᠡᠭᠴᠢ ᠲᠤᠬᠠᠶ ᠶᠢᠨ ᠲᠠᠯᠠᠪᠠᠢ ᠳᠤ ᠬᠦᠷᠦᠯᠴᠡᠨ ᠢᠷᠡᠵᠦ ᠳᠡᠯᠭᠡᠨ | ᠦᠵᠡᠭᠦᠯᠭᠡ ᠶᠢ ᠰᠣᠨᠢᠷᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠴᠢᠬᠤᠯᠠ ᠠᠴᠢ | ᠬᠤᠯᠪᠣᠭᠳᠠᠯ ᠤᠨ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠵᠤ᠂ ᠤᠯᠤᠰ ᠢᠶᠠᠨ ᠬᠠᠶᠢᠷᠠᠯᠠᠬᠤ ᠬᠠᠯᠠᠭᠤᠨ | ᠰᠡᠳᠬᠢᠯᠭᠡ ᠶᠢ ᠨᠢ ᠤᠯᠠᠮ ᠨᠢᠭᠡ ᠠᠯᠬᠤᠮ ᠬᠥᠭᠵᠢᠭᠡᠵᠡᠶ᠃ ᠲᠤᠰ ᠤᠳᠠᠭᠠᠨ ᠤ ᠦᠵᠡᠭᠦᠯᠭᠡ ᠨᠢ ᠪᠦᠬᠦ | ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠤᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠦᠭᠰᠡᠨ ᠢᠶᠠᠷ ᠪᠠᠷᠠᠬᠤ ᠥᠬᠡᠶ᠂ ᠪᠥᠬᠦ | ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠬᠦ ᠳᠤ ᠠᠮᠢᠳᠤᠯᠢᠭ ᠲᠠᠪᠴᠠᠩ | ᠬᠠᠩᠭᠠᠵᠤ᠂ ᠤᠯᠤᠰ ᠢᠶᠠᠨ ᠬᠠᠶᠢᠷᠠᠯᠠᠵᠤ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠵᠠᠯᠠᠭᠤᠴᠤᠳ | ᠪᠠᠭᠠᠴᠤᠳ ᠤᠨ ᠰᠡᠳᠬᠢᠯ ᠳᠤ ᠦᠨᠳᠦᠰᠦᠯᠡᠭᠦᠯᠬᠦ ᠶᠢ ᠬᠦᠴᠦᠲᠡᠶ ᠠᠬᠢᠭᠤᠯᠤᠨ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠳᠤ ᠬᠦᠴᠦᠲᠡᠶ | ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ︵ ᠶᠢᠨ ᠵᠦ︶ | | |