ᠠᠷᠤ ᠬᠤᠷᠴᠢᠨ ᠬᠤᠰᠢᠭᠤᠨ ᠤ 2025 ᠣᠨ ᠤ ᠪᠦᠬᠦ ᠠᠷᠠᠳ ᠤᠨ ᠨᠠᠰᠤᠨ ᠲᠤᠷᠰᠢᠳᠠ ᠶᠢᠨ ᠰᠤᠷᠤᠯᠴᠠᠯᠭ᠎ᠠ ᠶᠢᠨ ᠠᠵᠢᠯᠯᠠᠭ᠎ᠠ ᠶᠢᠨ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/5/17
       5 ᠰᠠᠷ᠎ᠠ ᠶᠢᠨ 16 ᠤ ᠡᠳᠦᠷ᠂ ᠠᠷᠤ ᠬᠤᠷᠴᠢᠨ ᠬᠤᠰᠢᠭᠤᠨ ᠤ 2025 ᠣᠨ ᠤ ᠪᠦᠬᠦ ᠠᠷᠠᠳ ᠤᠨ ᠨᠠᠰᠤᠨ ᠲᠤᠷᠰᠢᠳᠠ ᠶᠢᠨ ᠰᠤᠷᠤᠯᠴᠠᠯᠭ᠎ᠠ ᠶᠢᠨ ᠠᠵᠢᠯᠯᠠᠭ᠎ᠠ ᠶᠢᠨ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠠᠷᠤ ᠬᠤᠷᠴᠢᠨ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠲᠤ ᠵᠢᠩᠬᠢᠨᠢ ᠪᠠᠷ ᠡᠬᠢᠯᠡᠪᠡ᠃
       ᠠᠵᠢᠯᠯᠠᠭ᠎ᠠ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠬᠥᠰᠢᠭᠡ ᠰᠡᠭᠦᠵᠦ᠂ ᠲᠠᠯᠠᠪᠠᠢ ᠳᠠᠶᠠᠭᠠᠷ ᠲᠥᠪ ᠬᠢᠴᠢᠶᠡᠩᠭᠦᠶ ᠵᠣᠭᠰᠣᠨ ᠤᠯᠤᠰ ᠤᠨ ᠰᠦᠯᠳᠡ ᠳᠠᠭᠤᠤ ᠶᠢ ᠬᠠᠮᠲᠤᠪᠠᠷ ᠳᠠᠭᠤᠯᠠᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ︽ᠠᠷᠤ ᠬᠤᠷᠴᠢᠨ ᠬᠤᠰᠢᠭᠤᠨ ᠤ ᠪᠦᠬᠦ ᠠᠷᠠᠳ ᠤᠨ ᠨᠠᠰᠤᠨ ᠲᠤᠷᠰᠢᠳᠠ ᠶᠢᠨ ᠰᠤᠷᠤᠯᠴᠠᠯᠭ᠎ᠠ ᠶᠢᠨ ᠠᠵᠢᠯᠯᠠᠭ᠎ᠠ ᠶᠢᠨ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠲᠥᠰᠦᠯ︾ ᠢ ᠤᠩᠰᠢᠨ ᠨᠡᠶᠢᠲᠡᠯᠡᠵᠦ᠂ ︽ᠰᠤᠷᠭᠠᠭᠤᠯᠢ ᠶᠢᠨ ᠳᠡᠰ ᠤᠨ ᠤᠷ᠎ᠠ ᠴᠢᠳᠠᠪᠤᠷᠢ ᠶᠢᠨ ᠵᠢᠱᠢᠶᠡᠴᠢ︾᠂ ︽ᠰᠢᠯᠢᠳᠡᠭ ᠵᠢᠯᠣᠭᠤᠳᠣᠭᠴᠢ ᠪᠠᠭᠰᠢ︾ ᠳᠤ ᠱᠠᠩᠨᠠᠯ ᠭᠠᠷᠳᠠᠭᠤᠯᠤᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠬᠦ ᠶᠢᠨ ᠬᠠᠮᠲᠤ ᠦᠨᠡᠮᠯᠡᠯ ᠣᠯᠭᠤᠵᠤ᠂ 5 ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠬᠤᠰᠢᠭᠤᠨ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠭᠤᠴᠠᠯᠭᠠᠲᠠᠨ ᠠᠴᠠ ᠠᠷᠤ ᠬᠤᠷᠴᠢᠨ ᠬᠤᠰᠢᠭᠤᠨ ᠤ 2025 ᠣᠨ ᠤ ᠪᠦᠬᠦ ᠠᠷᠠᠳ ᠤᠨ ᠨᠠᠰᠤᠨ ᠲᠤᠷᠰᠢᠳᠠ ᠶᠢᠨ ᠰᠤᠷᠤᠯᠴᠠᠯᠭ᠎ᠠ ᠶᠢᠨ ᠠᠵᠢᠯᠯᠠᠭ᠎ᠠ ᠶᠢᠨ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ᠃
       ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠪᠣᠳᠠᠲᠤ ᠪᠣᠯᠪᠠᠰᠤᠷᠠᠯ ᠤᠨ ᠲᠠᠰᠤᠭ ᠢ ᠲᠣᠭᠤᠷᠢᠨ ᠦᠵᠡᠪᠡ᠃ ᠲᠣᠭᠤᠷᠢᠨ ᠦᠵᠡᠬᠦ ᠶᠠᠪᠤᠴᠠ ᠳᠤ᠂ ᠲᠤᠰᠬᠠᠶ ᠮᠡᠷᠭᠡᠵᠢᠯ ᠤᠨ ᠪᠠᠭᠰᠢ ᠠᠴᠠ ᠡᠯ᠎ᠡ ᠲᠥᠷᠥᠯ ᠤᠨ ᠪᠣᠯᠪᠠᠰᠤᠷᠠᠯ ᠤᠨ ᠲᠥᠬᠦᠭᠡᠷᠦᠮᠵᠢ ᠶᠢᠨ  ᠴᠢᠳᠠᠮᠵᠢ ᠪᠠ ᠬᠡᠷᠡᠭᠯᠡᠬᠦ ᠠᠷᠭ᠎ᠠ ᠶᠢ ᠨᠠᠷᠢᠨ ᠲᠠᠨᠢᠯᠴᠠᠭᠤᠯᠵᠤ᠂ ᠰᠤᠷᠤᠭᠴᠢᠳ ᠤᠨ ᠪᠣᠳᠠᠲᠤ ᠪᠣᠯᠪᠠᠰᠤᠷᠠᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠵᠡᠶ᠃ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠪᠠᠷ ᠳᠠᠮᠵᠢᠨ᠂ ᠣᠯᠠᠨ ᠢᠶᠠᠷ ᠢᠶᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠣᠯᠭᠡ ᠶᠢᠨ ᠵᠢᠭᠠᠨ ᠰᠤᠷᠭᠠᠯᠲᠠ ᠳᠤ ᠨᠠᠩ ᠭᠦᠨ ᠣᠶᠢᠯᠠᠭᠠᠯᠳᠠ ᠲᠠᠢ ᠪᠣᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢ ᠳᠤᠨᠢ ᠴᠤ ᠢᠲᠡᠭᠡᠯ ᠳᠦᠭᠦᠷᠡᠩ ᠪᠣᠯᠪᠠ᠃ ︵ᠴᠡᠯᠮᠡᠭ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号