ᠠᠷᠤ ᠬᠤᠷᠴᠢᠨ ᠬᠤᠰᠢᠭᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/17
       5 ᠰᠠᠷ᠎ᠠ ᠶᠢᠨ 16 ᠤ ᠡᠳᠦᠷ᠂ ᠠᠷᠤ ᠬᠤᠷᠴᠢᠨ ᠬᠤᠰᠢᠭᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᡁᠢ ᠬᠤᠩ᠂ ᠬᠤᠰᠢᠭᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠵᠦ ᠰᠢᠤᠢ ᠭᠤᠸᠠᠩ᠂ ᠬᠤᠰᠢᠭᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠪᠦᠦ ᠵᠢᠶᠧ ᠬᠤᠷᠠᠯ ᠳᠤ ᠣᠷᠣᠯᠴᠠᠪᠠ᠃
       ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ 2025 ᠣᠨ ᠤ ᠠᠩᠬᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠰᠢᠭᠤ ᠰᠢᠶᠠᠩ  ᠬᠤᠶᠠᠷ  ᠱᠠᠲᠤᠨ ᠤ  ᠶᠡᠷᠦᠩᠬᠡᠶᠢᠯᠡᠨ  ᠵᠠᠰᠠᠬᠤ  ᠲᠥᠪ  ᠤᠨ  ᠡᠭᠦᠷᠭᠡ  ᠬᠠᠷᠢᠭᠤᠴᠠᠯᠭ᠎ᠠ᠂ ᠳᠡᠭᠡᠳᠦ ᠱᠠᠳᠣᠨ ᠤ ᠱᠠᠭᠠᠷᠳᠠᠯᠭ᠎ᠠ ᠪᠠ ᠪᠦᠬᠦ ᠬᠤᠰᠢᠭᠤᠨ ᠤ ᠣᠳᠣᠬᠠᠨ ᠤ ᠨᠡᠶᠢᠭᠡᠮ ᠤᠨ ᠲᠣᠭᠲᠠᠭᠤᠨ ᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠲᠤᠰ ᠬᠦᠷᠢᠶᠡᠨ ᠳᠠᠬᠢ ᠲᠣᠭᠲᠠᠭᠤᠨ ᠪᠠᠶᠢᠳᠠᠯ ᠢ ᠬᠠᠮᠠᠭᠠᠯᠠᠬᠤ ᠪᠠᠶᠢᠳᠠᠯ ᠤᠨ ᠲᠣᠬᠠᠶ ᠨᠠᠷᠢᠨ ᠮᠡᠳᠡᠭᠦᠯᠦᠯᠲᠡ ᠬᠢᠵᠦ᠂ ᠵᠣ᠋ ᠰᠢᠤᠢ ᠭᠤᠸᠠᠩ᠂ ᠪᠦᠦ ᠵᠢᠶᠧ ᠬᠤᠯᠪᠣᠭᠳᠠᠯ ᠪᠦᠬᠦᠢ ᠠᠵᠢᠯ ᠤᠨ ᠲᠤᠬᠠᠶ ᠰᠠᠨᠠᠯ ᠰᠠᠨᠠᠭᠤᠯᠭ᠎ᠠ ᠳᠤᠷᠠᠳᠴᠠᠶ᠃        ᠵᠢᠶᠠ ᡁᠢ ᠬᠤᠩ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠳᠠ ᠲᠠᠢ ᠨᠢᠭᠡᠳᠬᠡᠵᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠯ᠎ᠡ ᠲᠥᠷᠥᠯ ᠤᠨ ᠬᠡᠷᠡᠭ ᠶᠠᠪᠤᠳᠠᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠂ ᠠᠵᠢᠯ ᠤᠨ ᠭᠤᠤᠯᠳᠠᠯᠭ᠎ᠠ ᠶᠢ ᠡᠵᠡᠮᠲᠡᠨ᠂ ᠲᠣᠰᠬᠤᠨ ᠤ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ ᠪᠠ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ᠃ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠬᠤᠰᠢᠭᠤ ᠰᠢᠶᠠᠩ ᠬᠤᠶᠠᠷ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠬᠡᠷᠡᠭ ᠢ ᠴᠠᠭ ᠲᠤᠬᠠᠶ ᠳᠤᠨᠢ ᠰᠢᠢᠳᠪᠦᠷᠢᠯᠡᠨ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃ ︵ᠯᠢ ᠬᠤᠸᠠᠨ ᠢᠦᠢ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号