︽ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢᠣᠡᠭᠡᠬᠦ ᠶᠢ ᠡᠰᠡᠷᠭᠦᠴᠡᠬᠦ ᠳᠦᠷᠢᠮ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2025/5/19
       ᠣᠶᠢᠷ᠎ᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠥ ᠶᠢᠨ ᠶᠠᠪᠤᠳᠠᠯ ᠤᠨ ᠬᠤᠷᠢᠶ᠎ᠠ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠨᠠᠮ ᠵᠠᠰᠠᠭ ᠤᠨ ᠪᠠᠶᠢᠭᠤᠯᠭ᠎ᠠ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢᠣᠡᠭᠡᠬᠦ ᠶᠢ ᠡᠰᠡᠷᠭᠦᠴᠡᠬᠦ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢ ᠬᠢᠨᠠᠮᠠᠭᠠᠶ ᠵᠢᠷᠤᠮᠯᠠᠨ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃        ᠮᠡᠳᠡᠭᠳᠡᠯ ᠳᠤ᠂ ︽ᠳᠦᠷᠢᠮ︾ ᠳᠤ ᠵᠠᠰᠠᠪᠤᠷᠢ ᠣᠷᠣᠭᠤᠯᠬᠤ ᠳᠠᠭᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠵᠠᠰᠠᠭ ᠤᠨ ᠪᠠᠶᠢᠭᠤᠯᠭ᠎ᠠ ᠶᠢᠨ ᠵᠠᠷᠤᠳᠠᠯ ᠤᠨ ᠬᠠᠮᠢᠶᠠᠷᠤᠯᠲᠠ᠂ ᠤᠯᠤᠰ ᠤᠨ ᠳᠣᠲᠣᠭᠠᠳᠤ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ᠂ ᠠᠯᠪᠠᠨ ᠶᠠᠪᠤᠳᠠᠯ ᠢᠶᠠᠷ ᠲᠦᠷ ᠴᠠᠭ ᠭᠠᠳᠠᠭᠠᠳᠤ ᠳᠤ ︵ᠬᠢᠯᠢ︶ ᠭᠠᠷᠬᠤ᠂ ᠠᠯᠪᠠᠨ ᠶᠠᠪᠤᠳᠠᠯ ᠤᠨ ᠵᠣᠴᠢᠯᠠᠯᠭ᠎ᠠ᠂ ᠠᠯᠪᠠᠨ ᠶᠠᠪᠤᠳᠠᠯ ᠳᠤ ᠲᠡᠷᠭᠡ ᠬᠡᠷᠡᠭᠯᠡᠬᠦ᠂ ᠬᠤᠷᠠᠯ ᠤᠨ ᠠᠵᠢᠯᠯᠠᠭ᠎ᠠ᠂ ᠠᠯᠪᠠᠯᠠᠬᠤ ᠳᠤ ᠬᠡᠷᠡᠭᠯᠡᠬᠦ ᠭᠡᠷ᠂ ᠡᠬᠢ ᠪᠠᠶᠠᠯᠢᠭ ᠢ ᠠᠷᠪᠢᠯᠠᠬᠤ ᠵᠡᠷᠭᠡ ᠲᠣᠭᠲᠠᠭᠠᠯ ᠢ ᠴᠠᠭ ᠦᠶ᠎ᠡ ᠶᠢ ᠲᠠᠭᠠᠨ ᠲᠡᠭᠦᠯᠳᠡᠷᠵᠢᠭᠦᠯᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠣᠡᠭᠡᠬᠦ ᠶᠢ ᠲᠡᠪᠴᠢᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ ᠠᠷᠪᠢᠴᠢ ᠭᠠᠮᠲᠠᠶ ᠠᠮᠢᠳᠤᠷᠠᠬᠤ ᠲᠦᠷᠢᠮ ᠤᠨ ᠰᠤᠷᠠᠭ ᠢ ᠤᠯᠠᠮ ᠨᠢᠭᠡ ᠠᠯᠬᠤᠮ ᠴᠢᠩᠭᠠᠯᠠᠵᠤ᠂ ᠲᠥᠪ ᠤᠨ ᠨᠠᠢᠮᠡᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ᠂ ︽ᠳᠥᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠴᠡᠭᠴᠡᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃        ᠮᠡᠳᠡᠭᠳᠡᠯ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠤᠷᠲᠠᠯ ᠤᠨ ᠪᠠᠶᠢᠭᠤᠯᠤᠯᠲᠠ ᠨᠠᠮ ᠤᠨ ᠳᠦᠷᠢ ᠲᠥᠷᠬᠦ ᠳᠤ ᠬᠤᠯᠪᠣᠭᠳᠠᠬᠤ᠂ ᠬᠥᠮᠦᠨ ᠤ ᠰᠡᠳᠬᠢᠯ ᠤᠨ ᠬᠠᠨᠳᠤᠰᠢ ᠲᠠᠢ ᠬᠤᠯᠪᠣᠭᠳᠠᠬᠤ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠪᠦᠲᠦᠵᠦ ᠪᠦᠷᠢᠯᠬᠦ ᠳᠤ ᠬᠤᠯᠪᠣᠭᠳᠠᠬᠤ ᠤᠯᠤᠰ ᠲᠥᠷᠥ ᠶᠢᠨ ᠥᠨᠳᠤᠷᠴᠡ ᠠᠴᠠ ︽ᠳᠦᠷᠢᠮ︾ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠳᠣᠷ ᠠᠳᠬᠤᠵᠤ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠵᠢᠴᠢ ᠲᠡᠭᠦᠨ ᠤ ᠠᠵᠢᠯᠲᠠᠳ ᠤᠨ ︽ᠳᠦᠷᠢᠮ︾ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠬᠤ ᠶᠢ ᠠᠬᠢᠭᠤᠯᠵᠤ᠂ ︽ᠳᠦᠷᠢᠮ︾ ᠤᠨ ᠡᠯ᠎ᠡ ᠵᠦᠢᠯ ᠤᠨ ᠲᠣᠭᠲᠠᠭᠠᠯ ᠢ ᠡᠷᠡᠰ ᠨᠠᠶᠢᠳᠠᠪᠤᠷᠢᠵᠢᠭᠤᠯᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠶᠢᠭᠡᠮ ᠳᠠᠶᠠᠭᠠᠷ ᠲᠤ ᠪᠦᠷᠢᠯᠭᠡᠨ ᠰᠦᠢᠣᠡᠭᠡᠬᠦ ᠨᠢ ᠢᠴᠢᠭᠦᠷᠢᠲᠡᠶ᠂ ᠠᠷᠪᠢᠯᠠᠨ ᠭᠠᠮᠨᠠᠬᠤ ᠨᠢ ᠢᠷᠠᠭᠤ ᠠᠯᠳᠠᠷᠲᠠᠶ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠴᠢᠨᠠᠭᠰᠢᠳᠠ ᠪᠣᠢ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ  ᠬᠢᠨ ︽ᠳᠦᠷᠢᠮ︾ ᠢ ᠬᠡᠷᠡᠭᠵᠢᠭᠦᠯᠬᠦ ᠳᠤᠮᠳᠠᠬᠢ ᠴᠢᠬᠤᠯᠠ ᠪᠠᠶᠢᠳᠠᠯ ᠪᠣᠯᠤᠨ ᠰᠠᠨᠠᠭᠤᠯᠭ᠎ᠠ ᠶᠢ ᠴᠠᠭ ᠲᠤᠬᠠᠶ ᠳᠤᠨᠢ ᠨᠠᠮ ᠤᠨ ᠲᠥᠪ ᠬᠤᠷᠢᠶ᠎ᠠ᠂ ᠲᠦᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠬᠦ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号