ᠰᠢ ᠶᠢᠨ ᠫᠢᠩ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠬᠤ ᠠᠵᠢᠯ ᠢ ᠴᠢᠨᠠᠷᠯᠢᠭ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2025/5/19
       ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠷᠴᠢᠮᠬᠠᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠬᠤ ᠠᠵᠢᠯ ᠤᠨ ᠲᠠᠯ᠎ᠠ ᠪᠠᠷ ᠴᠢᠬᠤᠯᠠ ᠵᠢᠭᠠᠪᠤᠷᠢ ᠪᠠᠭᠤᠯᠭᠠᠵᠤ᠂ ᠴᠢᠬᠤᠯᠠᠴᠢᠯᠠᠭᠤᠯᠬᠤ ᠳᠠᠭᠠᠨ᠂ ᠲᠠᠪᠤᠨ ᠵᠢᠯ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ ᠨᠠᠮ ᠤᠨ ᠲᠥᠷᠥ ᠪᠠᠨ ᠵᠠᠰᠠᠬᠤ ᠴᠢᠬᠤᠯᠠ ᠳᠤᠷᠰᠢᠯᠭ᠎ᠠ ᠪᠣᠯᠤᠨ᠎ᠠ᠂ ᠮᠥᠨ ᠴᠦ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ  ᠵᠢᠷᠤᠮ  ᠤᠨ  ᠤᠯᠤᠰ  ᠲᠥᠷᠥ ᠶᠢᠨ  ᠴᠢᠬᠤᠯᠠ  ᠲᠠᠪᠠᠭᠤᠯᠢᠭ  ᠪᠣᠯᠤᠨ᠎ᠠ᠃ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠵᠤ ᠬᠡᠷᠡᠭᠵᠢᠭᠦᠯᠬᠦ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠡᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ᠂ ᠳᠡᠭᠡᠳᠦ ᠳᠠᠪᠬᠤᠷᠭ᠎ᠠ ᠶᠢᠨ ᠲᠥᠰᠦᠪᠯᠡᠯ ᠪᠠ ᠠᠷᠠᠳ ᠣᠯᠠᠨ ᠤ ᠠᠷᠭ᠎ᠠ ᠤᠬᠠᠭᠠᠨ ᠢ ᠨᠢᠭᠡᠳᠬᠡᠵᠦ᠂ ᠪᠠᠶᠢᠴᠠᠭᠠᠨ ᠰᠤᠳᠤᠯᠤᠯᠲᠠ ᠬᠢᠬᠦ ᠮᠠᠭᠠᠳᠯᠠᠨ ᠭᠡᠷᠡᠴᠢᠯᠡᠬᠦ ᠪᠠᠨ ᠴᠢᠩᠭᠠᠳᠬᠠᠨ᠂ ᠬᠠᠮᠲᠤ ᠶᠢᠨ ᠲᠠᠨᠢᠯᠲᠠ ᠪᠠᠨ ᠥᠷᠭᠡᠨ ᠢᠶᠠᠷ ᠨᠢᠭᠲᠠᠷᠠᠭᠤᠯᠵᠤ᠂ ᠤᠯᠠᠨ ᠲᠦᠮᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠣᠯᠠᠨ ᠠᠷᠭ᠎ᠠ ᠬᠡᠯᠪᠡᠷᠢ ᠪᠠᠷ ᠰᠣᠨᠣᠰᠴᠤ᠂ ᠺᠠᠳ᠋ᠷ ᠤᠯᠠᠨ ᠲᠦᠮᠡᠨ ᠤ  ᠦᠢᠯᠡᠳᠣᠯᠭᠡ ᠶᠢᠨ ᠶᠠᠪᠤᠴᠠ ᠳᠠᠭᠠᠨ ᠡᠭᠦᠳᠦᠭᠰᠡᠨ ᠰᠢᠨ᠎ᠡ ᠲᠤᠷᠰᠢᠯᠭ᠎ᠠ ᠶᠢ ᠭᠦᠢᠴᠡᠣᠨ ᠠᠰᠢᠭᠯᠠᠨ᠂ ᠬᠠᠷᠠᠯᠲᠠ ᠡᠭᠦᠷᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠢᠰᠲ᠋ᠧᠮᠲᠦ ᠴᠢᠨᠠᠷ ᠪᠦᠬᠦᠯᠢ ᠴᠣᠭᠴᠠᠲᠤ ᠴᠢᠨᠠᠷ᠂ ᠵᠣᠬᠢᠴᠠᠩᠭᠤᠶ ᠴᠢᠨᠠᠷ ᠢ ᠴᠢᠬᠤᠯᠠᠴᠢᠯᠠᠵᠤ ᠨᠠᠶᠢᠷᠠᠭᠤᠯᠬᠤ ᠠᠵᠢᠯ ᠢ ᠴᠢᠨᠠᠷᠯᠢᠭ ᠪᠡᠶᠡᠯᠡᠭᠦᠯᠬᠦ ᠬᠡᠷᠡᠭᠲᠡᠶ ᠭᠡᠵᠡᠶ᠃        ᠮᠠᠨ ᠤ ᠤᠯᠤᠰ 2026 ᠣᠨ ᠠᠴᠠ ᠡᠬᠢᠯᠡᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠬᠡᠷᠡᠭᠵᠢᠭᠦᠯᠬᠦ ᠪᠣᠯᠤᠨ᠎ᠠ᠂ ᠣᠳᠣ ᠨᠠᠮ ᠤᠨ ᠲᠥᠪ ᠬᠤᠷᠢᠶ᠎ᠠ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠰᠠᠨᠠᠭᠤᠯᠭ᠎ᠠ ᠶᠢ ᠲᠣᠭᠤᠷᠪᠢᠨ ᠪᠢᠴᠢᠬᠦ ᠶᠢ ᠵᠣᠬᠢᠶᠠᠨ ᠪᠠᠶᠢᠭᠤᠯᠵᠤ ᠪᠠᠶᠢᠨ᠎ᠠ᠃ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠯᠥᠪᠵᠢᠭᠦᠯᠭᠡ ᠶᠢᠨ ᠰᠠᠨᠠᠭᠤᠯᠭ᠎ᠠ ᠶᠢ ᠲᠤᠭᠤᠷᠪᠢᠬᠤ ᠠᠵᠢᠯ ᠤᠨ ᠪᠠᠶᠢᠷᠢᠯᠠᠭᠤᠯᠣᠯᠳᠠ ᠶᠢ ᠦᠨᠳᠦᠰᠦᠯᠡᠨ᠂ ᠬᠠᠮᠢᠶᠠᠲᠠᠶ ᠲᠠᠯ᠎ᠠ ᠶᠢᠨ ᠬᠢᠨ ᠣᠶᠢᠷ᠎ᠠ  ᠳᠤ  ᠤᠯᠠᠨ  ᠵᠦᠢᠯ  ᠤᠨ  ᠬᠡᠯᠪᠡᠷᠢ  ᠪᠠᠷ  ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠲᠠᠯ᠎ᠠ ᠪᠠᠷ ᠬᠢ ᠺᠠᠳ᠋ᠷ ᠤᠯᠠᠨ ᠲᠦᠮᠡᠨ᠂ ᠲᠤᠰᠬᠠᠶ ᠮᠡᠷᠭᠡᠵᠢᠯᠲᠡᠨ ᠡᠷᠳᠡᠮᠲᠡᠨ ᠨᠡᠷ ᠤᠨ ᠰᠠᠨᠠᠯ ᠰᠠᠨᠠᠭᠤᠯᠭ᠎ᠠ ᠶᠢ ᠬᠤᠷᠢᠶᠠᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号