ᠬᠤᠨᠳᠣ ᠪᠠᠯᠭᠠᠰᠤ ︽ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ︾ ᠵᠠᠭᠪᠤᠷ ᠢᠶᠠᠷ ᠬᠠᠪᠤᠷ ᠤᠨ ᠲᠠᠷᠢᠶᠠᠯᠠᠭ᠎ᠠ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠪᠡ
ᠨᠡᠶᠢᠲᠡᠯᠡᠭᠰᠡᠨ ᠴᠠᠭ᠄
2025/5/20
       ᠵᠢᠯ ᠤᠨ ᠠᠵᠢᠯ ᠬᠠᠪᠤᠷ ᠲᠠᠭᠠᠨ ᠭᠡᠳᠡᠭ ᠢᠶᠠᠷ᠂ ᠣᠶᠢᠷ᠎ᠠ ᠶᠢᠨ ᠡᠳᠦᠷ᠂ ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ᠂ ᠬᠤᠨᠳᠣ ᠪᠠᠯᠭᠠᠰᠤ ᠶᠢᠨ ᠡᠯ᠎ᠡ ᠭᠠᠴᠠᠭᠠᠨ ᠤ ᠬᠢᠨ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠣᠷ ᠬᠢᠪᠡ᠃
       ᠬᠤᠨᠳᠣ ᠪᠠᠯᠭᠠᠰᠤ ᠶᠢᠨ ᠣᠩᠭᠤᠨᠮᠤᠳᠤ ᠭᠠᠴᠠᠭ᠎ᠠ ᠳᠤ ᠬᠦᠷᠬᠦ ᠪᠠᠷ᠂ ᠲᠠᠷᠢᠶᠠᠨ ᠭᠠᠵᠠᠷ ᠲᠤ ᠲᠠᠷᠢᠶᠠᠯᠠᠩ ᠤᠨ ᠮᠠᠰᠢᠨ ᠶᠠᠭᠠᠷᠠᠯᠲᠠᠶ ᠠᠵᠢᠯᠯᠠᠵᠤ᠂ ᠲᠠᠷᠢᠶ᠎ᠠ ᠲᠠᠷᠢᠬᠤ ᠠᠵᠢᠯ ᠡᠮᠬᠢ ᠵᠢᠷᠤᠮ ᠲᠠᠢ ᠶᠠᠪᠤᠭᠳᠠᠨ᠂ ᠮᠠᠰᠢᠨ ᠮᠧᠬᠠᠨᠢᠭ ᠤᠨ ᠬᠦᠷᠴᠢᠭᠢᠨᠡᠬᠦ ᠳᠠᠭᠤᠨ ᠬᠠᠪᠤᠷ ᠤᠨ ᠲᠠᠷᠢᠶᠠᠯᠠᠭ᠎ᠠ ᠶᠢᠨ ᠠᠶᠠᠰ ᠢ ᠴᠤᠤᠷᠢᠶᠠᠲᠤᠭᠤᠯᠤᠨ᠎ᠠ᠃ ᠥᠩᠭᠡᠷᠡᠭᠰᠡᠨ ᠵᠢᠯ ᠤᠳ ᠲᠠᠢ ᠠᠳᠠᠯᠢᠳᠬᠠᠪᠠᠯ ᠥᠨᠥ ᠵᠢᠯ ᠤᠨ ᠬᠠᠪᠤᠷ ᠤᠨ ᠲᠠᠷᠢᠶᠠᠯᠠᠭ᠎ᠠ ᠨᠢ ᠠᠵᠢᠯ ᠤᠨ ᠦᠷ᠎ᠡ ᠪᠦᠲᠦᠮᠵᠢ ᠰᠠᠶᠢᠨ ᠪᠣᠯᠬᠤ ᠪᠠᠷ ᠪᠠᠷᠠᠬᠤ ᠥᠬᠡᠶ᠂ ︽ᠲᠠᠷᠢᠶ᠎ᠠ ᠲᠠᠷᠢᠬᠤ ᠳᠤ ᠰᠠᠨᠠᠭ᠎ᠠ ᠵᠣᠪᠠᠭ᠋ᠤ ᠥᠬᠡᠶ᠂ ᠣᠷᠣᠯᠭ᠎ᠠ ᠪᠠᠨ ᠨᠡᠮᠡᠭᠳᠡᠭᠦᠯᠬᠦ ᠳᠤ ᠪᠠᠲᠤᠯᠠᠭ᠎ᠠ ᠲᠠᠢ︾ ᠪᠠᠶᠢᠬᠤ ︽ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ︾ ᠰᠢᠨ᠎ᠡ ᠬᠡᠪ ᠵᠠᠭᠪᠤᠷ ᠢ ᠬᠡᠷᠡᠭᠵᠢᠭᠦᠯᠦᠭᠰᠡᠨ ᠪᠠᠶᠢᠨ᠎ᠠ᠃
       ︽ᠤᠤᠯ ᠨᠢ ᠲᠠᠷᠢᠶ᠎ᠠ ᠲᠠᠷᠢᠬᠤ ᠳᠤ ᠪᠥᠬᠦ ᠭᠡᠷ ᠪᠦᠯᠢ ᠪᠠᠷ ᠢᠶᠠᠨ ᠬᠥᠲᠥᠯᠥᠯᠴᠡᠨ ᠲᠠᠷᠢᠶᠠᠨ ᠠᠵᠢᠯ ᠳᠤ ᠣᠷᠣᠯᠴᠠᠵᠤ᠂ ᠴᠠᠭ ᠬᠦᠴᠦ ᠪᠠᠨ ᠵᠠᠷᠤᠴᠠᠭᠤᠯᠬᠤ ᠪᠠᠷ ᠪᠠᠷᠠᠬᠤ ᠥᠬᠡᠶ ᠲᠠᠷᠢᠶᠠᠨ ᠤ ᠤᠨᠠᠯᠲᠠ ᠶᠢᠨ ᠲᠥᠯᠥᠭᠡ ᠰᠠᠨᠠᠭᠠᠰᠢᠷᠠᠵᠤ᠂ ᠲᠠᠷᠢᠶᠠᠨ ᠭᠠᠵᠠᠷ ᠤᠨ ᠮᠦ ᠪᠦᠷᠢ ᠶᠢᠨ ᠤᠨᠠᠯᠲᠠ 1200 ᠵᠢᠩ ᠴᠤ ᠬᠦᠷᠬᠦ ᠥᠭᠡᠶ ᠪᠠᠶᠢᠪᠠ᠃ ᠣᠳᠣ ᠲᠠᠷᠢᠶᠠᠨ ᠭᠠᠵᠠᠷ ᠢᠶᠠᠨ ᠬᠤᠷᠰᠢᠶᠠᠵᠢᠯ ᠳᠤ ᠨᠠᠶᠢᠳᠠᠨ ᠬᠠᠮᠢᠶᠠᠷᠤᠭᠤᠯᠤᠭᠰᠠᠨ ᠠᠴᠠ ᠮᠦ ᠪᠦᠷᠢ ᠶᠢᠨ ᠥᠪᠡᠷ ᠤᠨ ᠥᠷᠲᠡᠭ ᠢ 200 ᠲᠦᠭᠦᠷᠢᠭ ᠠᠷᠪᠢᠯᠠᠵᠤ ᠴᠢᠳᠠᠵᠠᠶ︾ ᠭᠡᠵᠦ ᠮᠠᠯᠴᠢᠨ ᠭᠡᠰᠢᠭᠳᠦ᠋ᠭᠦᠷᠡᠩ ᠤᠷᠮᠠᠳᠠᠶᠢᠬᠠᠨ ᠶᠠᠷᠢᠪᠠ᠃ ᠥᠨᠥ ᠵᠢᠯ ᠲᠡᠷᠡ ᠪᠠᠷ 30 ᠮᠦ ᠲᠠᠷᠢᠶᠠᠨ ᠭᠠᠵᠠᠷ ᠢᠶᠠᠨ ᠪᠦᠬᠦᠨ ᠢ ᠭᠠᠴᠠᠭᠠᠨ ᠤ ᠪᠠᠨ ᠬᠤᠷᠰᠢᠶᠠᠵᠢᠯ ᠳᠤ ᠨᠠᠶᠢᠳᠠᠨ ᠬᠠᠮᠢᠶᠠᠷᠤᠭᠤᠯᠵᠤ᠂ ᠬᠠᠪᠤᠷ ᠤᠨ ᠲᠠᠷᠢᠶᠠᠯᠠᠭ᠎ᠠ ᠠᠴᠠ ᠨᠠᠮᠤᠷ ᠤᠨ ᠬᠤᠷᠢᠶᠠᠯᠲᠠ ᠪᠣᠯᠲᠠᠯ᠎ᠠ ᠰᠠᠨᠠᠭ᠎ᠠ ᠵᠣᠪᠠᠭ᠋ᠤ ᠬᠡᠷᠡᠭ ᠦᠭᠡᠢ ᠪᠣᠯᠤᠭᠰᠠᠨ ᠪᠠᠶᠢᠨ᠎ᠠ᠃ ᠬᠤᠷᠰᠢᠶᠠᠵᠢᠯ ᠠᠴᠠ ᠴᠢᠨᠠᠷ ᠰᠠᠶᠢᠳᠡᠢ ᠲᠠᠷᠢᠶᠠᠨ ᠦᠷ᠎ᠡ᠂ ᠬᠢᠮᠢ ᠶᠢᠨ ᠪᠣᠷᠳᠣᠭᠤᠷ ᠵᠡᠷᠭᠡ ᠶᠢ ᠨᠢᠭᠡᠳᠦᠯᠲᠡᠶ ᠬᠤᠳᠠᠯᠳᠤᠨ ᠠᠪᠴᠤ᠂ ᠲᠣᠮᠣ ᠬᠡᠯᠪᠡᠷᠢ ᠶᠢᠨ ᠮᠠᠰᠢᠨ ᠮᠧᠬᠠᠨᠢᠭ ᠢ ᠲᠥᠪᠯᠡᠷᠡᠭᠦᠯᠦᠨ ᠠᠵᠢᠯᠯᠠᠭᠤᠯᠵᠤ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠪᠦᠬᠦ ᠶᠠᠪᠤᠴᠠ ᠳᠤ ᠮᠥᠷᠳᠡᠨ ᠵᠢᠯᠣᠭᠤᠳᠤᠯᠭ᠎ᠠ ᠥᠭᠴᠦ᠂ ᠡᠷᠳᠡᠨᠢ ᠰᠢᠰᠢ ᠤᠷᠭᠤᠮᠠᠯ ᠬᠤᠭᠤᠷᠣᠨᠳᠣ ᠶᠢᠨ ᠵᠠᠶ᠂ ᠪᠣᠷᠳᠣᠭᠤᠷ ᠤᠷᠤᠭᠤᠯᠬᠤ ᠬᠡᠮᠵᠢᠶ᠎ᠡ ᠵᠡᠷᠭᠡ ᠶᠢ ᠰᠠᠶᠢᠲᠤᠷ ᠣᠨᠣᠪᠴᠢᠲᠠᠶ ᠲᠣᠬᠢᠷᠠᠭᠤᠯᠬᠤ ᠪᠣᠯᠤᠨ᠎ᠠ᠃
       ᠭᠠᠵᠠᠷ ᠰᠢᠷᠣᠶ ᠶᠢ ᠨᠡᠶᠢᠣᠡᠭᠡᠬᠦ ᠪᠠᠷ ᠳᠠᠮᠵᠢᠨ᠂ ᠣᠩᠭᠤᠨᠮᠤᠲᠤ ᠭᠠᠴᠠᠭᠠᠨ ᠤ ᠬᠢᠨ ᠤᠤᠯ ᠤᠨ ᠲᠠᠷᠠᠬᠠᠶ ᠪᠤᠲᠠᠷᠬᠠᠶ ᠪᠠᠶᠢᠭᠰᠠᠨ 715 ᠮᠦ ᠲᠠᠷᠢᠶᠠᠨ ᠭᠠᠵᠠᠷ ᠢ ᠴᠢᠨᠠᠷ ᠰᠠᠶᠢᠲᠠᠶ ᠵᠠᠯᠭᠠᠯᠳᠤᠭᠰᠠᠨ ᠲᠠᠷᠢᠶᠠᠨ ᠭᠠᠵᠠᠷ ᠪᠣᠯᠭᠠᠪᠠ᠃ ᠣᠩᠭᠤᠨᠮᠤᠳᠤ ᠭᠠᠴᠠᠭᠠᠨ ᠤ ᠨᠠᠮ ᠤᠨ ᠡᠭᠦᠷ ᠤᠨ ᠱᠦᠵᠢ ᠲᠦᠮᠡᠨᠪᠠᠶᠠᠷ ᠠᠴᠠ ︽ᠪᠠᠭ᠎ᠠ ᠬᠡᠰᠡᠭ ᠭᠠᠵᠠᠷ ᠢ ᠶᠡᠭᠡ ᠬᠡᠰᠡᠭ ᠪᠣᠯᠭᠠᠵᠤ᠂ ᠲᠠᠷᠢᠶᠠᠯᠠᠩ ᠤᠨ ᠮᠠᠰᠢᠨ ᠰᠢᠭᠤᠳ ᠲᠠᠷᠢᠶᠠᠨ ᠭᠠᠵᠠᠷ ᠲᠤ ᠬᠦᠷᠴᠦ ᠠᠵᠢᠯᠯᠠᠨ᠂ ᠥᠩᠭᠡᠷᠡᠭᠰᠡᠨ ᠳᠤ 3 ᠡᠳᠦᠷ ᠬᠡᠷᠡᠭᠰᠡᠬᠦ ᠠᠵᠢᠯ ᠢ ᠣᠳᠣ 1 ᠡᠳᠦᠷ ᠲᠤ ᠬᠢᠵᠦ ᠳᠠᠭᠤᠰᠬᠠᠳᠠᠭ ᠪᠣᠯᠪᠠ᠃ ᠮᠠᠯᠴᠢᠨ ᠲᠠᠷᠢᠶᠠᠴᠢᠳ ᠤᠨ ᠨᠡᠩ ᠶᠡᠭᠡ ᠪᠠᠶᠠᠷᠯᠠᠭᠤᠰᠢᠲᠠᠶ ᠶᠠᠪᠤᠳᠠᠯ ᠭᠡᠪᠡᠯ᠂ ᠨᠠᠶᠢᠳᠠᠨ ᠬᠠᠮᠢᠶᠠᠷᠤᠭᠤᠯᠤᠭᠰᠠᠨ ᠤ ᠳᠠᠷᠠᠭ᠎ᠠ ᠮᠦ ᠪᠦᠷᠢ 900 ᠵᠢᠩ ᠡᠷᠳᠡᠨᠢ ᠰᠢᠰᠢ ᠶᠢᠨ ᠤᠨᠠᠯᠲᠠ ᠶᠢ ᠪᠠᠲᠤᠯᠠᠨ᠂ ᠦᠨᠳᠦᠰᠦᠨ ᠣᠷᠣᠯᠭ᠎ᠠ ᠪᠠᠨ ᠪᠠᠲᠤᠯᠠᠵᠤ ᠲᠡᠶᠢᠯᠬᠦ ᠪᠠᠷ ᠪᠠᠷᠠᠬᠤ ᠦᠭᠡᠢ ᠪᠠᠰᠠ ᠬᠤᠶᠠᠳᠠᠬᠢ ᠤᠳᠠᠭᠠᠨ ᠤ ᠠᠰᠢᠭ ᠬᠤᠪᠢᠶᠠᠨ ᠣᠯᠬᠤ ᠪᠠ ᠡᠰᠢ ᠰᠦᠷᠡᠯ ᠤᠨ ᠨᠥᠬᠦᠪᠥᠷᠢ ᠬᠦᠷᠲᠡᠬᠦ ᠪᠣᠯᠤᠨ᠎ᠠ᠃ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ ᠨᠢ ᠲᠠᠷᠢᠶ᠎ᠠ ᠲᠠᠷᠢᠭᠤᠯᠬᠤ ᠥᠬᠡᠶ ᠭᠡᠰᠡᠨ ᠶᠠᠪᠤᠳᠠᠯ ᠪᠢᠰᠢ᠂ ᠬᠠᠷᠢᠨ ᠲᠤᠰᠬᠠᠶ ᠮᠡᠷᠭᠡᠵᠢᠯ ᠤᠨ ᠬᠢᠨ ᠢᠶᠠᠷ ᠲᠤᠰᠬᠠᠶ ᠠᠵᠢᠯ ᠬᠢᠯᠭᠡᠬᠦ ᠶᠠᠪᠤᠳᠠᠯ ᠪᠣᠯᠤᠨ᠎ᠠ︾ ᠭᠡᠵᠦ ᠲᠠᠨᠢᠯᠴᠠᠭᠤᠯᠪᠠ᠃
       ᠣᠳᠤ ᠣᠩᠭᠤᠨᠮᠤᠲᠤ ᠭᠠᠴᠠᠭ᠎ᠠ ᠶᠢᠨ ᠲᠠᠷᠢᠶᠠᠨ ᠭᠠᠵᠠᠷ ᠲᠤ ᠬᠥᠮᠦᠨ ᠤ ᠬᠦᠴᠦ ᠪᠠᠷ ᠬᠠᠪᠤᠷ ᠤᠨ ᠲᠠᠷᠢᠶᠠᠯᠠᠭ᠎ᠠ ᠬᠢᠬᠦ ᠪᠠᠶᠢᠳᠡᠯ ᠬᠠᠷᠠᠭᠳᠠᠬᠤ ᠦᠭᠡᠢ ᠪᠣᠯᠵᠤ᠂ ᠥᠩᠭᠡᠷᠡᠭᠰᠡᠨ ᠳᠤ ᠲᠠᠷᠬᠠᠶ ᠪᠤᠲᠠᠷᠬᠠᠶ ᠪᠥᠭᠡᠳ ᠲᠠᠷᠢᠬᠤ ᠳᠤ ᠬᠦᠴᠢᠷ ᠲᠠᠢ ᠪᠠᠶᠢᠭᠰᠠᠨ ᠭᠠᠵᠠᠷ ᠢ ︽ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ︾ ᠡᠨᠡᠬᠦ ᠵᠠᠭᠪᠤᠷ ᠤᠨ ︽ᠠᠯᠲᠠᠨ ᠲᠦᠯᠬᠢᠭᠦᠷ︾ ᠢᠶᠠᠷ ᠬᠥᠳᠡᠭᠡ ᠲᠣᠰᠬᠤᠨ ᠬᠥᠭᠵᠢᠭᠦᠯᠦᠨ ᠮᠠᠨᠳᠤᠭᠤᠯᠬᠤ ︽ᠡᠯᠪᠡᠭ ᠬᠤᠷᠢᠶᠠᠯᠲᠠ ᠶᠢᠨ ᠡᠭᠦᠳᠡ︾ ᠶᠢ ᠨᠡᠭᠡᠭᠡᠵᠦ ᠬᠥᠭᠵᠢᠨ ᠤᠷᠤᠭᠰᠢᠯᠠᠨ᠎ᠠ᠃ ︵ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号