ᠰᠠᠶᠢᠬᠠᠡᠳᠠᠯ᠎ᠠ ᠰᠤᠮᠤ ᠬᠠᠪᠤᠷ ᠤᠨ ᠲᠠᠷᠢᠶᠠᠯᠠᠭ᠎ᠠ ᠶᠢᠨ ︽ᠠᠩᠬᠠᠨ ᠤ ᠳᠠᠶᠢᠯᠠᠯᠳᠤᠭᠠᠨ︾ ᠢ ᠰᠠᠶᠢᠲᠤᠷ ᠬᠢᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠲᠤᠳᠬᠠᠪᠠ
ᠨᠡᠶᠢᠲᠡᠯᠡᠭᠰᠡᠨ ᠴᠠᠭ᠄
2025/5/21
       ᠰᠠᠶᠢᠬᠠᠨᠲᠠᠯ᠎ᠠ ᠰᠤᠮᠤ ᠲᠠᠷᠢᠶᠠᠯᠠᠬᠤ ᠴᠠᠭ ᠢ ᠠᠮᠵᠢᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠂ ᠡᠷᠲᠡ ᠠᠴᠠ ᠲᠥᠯᠥᠪᠵᠢᠭᠦᠯᠬᠦ ᠦᠢᠯᠡᠴᠢᠯᠡᠭᠡ ᠶᠢ ᠴᠢᠩᠭᠠᠳᠬᠠᠬᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠠᠮᠢ ᠠᠬᠤᠶ ᠶᠢ ᠬᠠᠮᠠᠭᠠᠯᠠᠬᠤ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠪᠦᠬᠦ ᠵᠢᠯ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ᠂ ᠤᠨᠠᠯᠲᠠ ᠶᠢ ᠨᠡᠮᠡᠭᠳᠡᠭᠦᠯᠬᠦ ᠳᠤ ᠪᠠᠲᠤ ᠰᠠᠭᠤᠷᠢ ᠲᠠᠯᠪᠢᠵᠠᠶ᠃
       ᠰᠠᠶᠢᠬᠠᠨᠲᠠᠯ᠎ᠠ ᠰᠤᠮᠤ 2025 ᠣᠨ ᠳᠤ ᠡᠷᠳᠡᠨᠢ ᠰᠢᠰᠢ ᠶᠢᠨ ᠨᠢᠭᠲᠠ ᠲᠠᠷᠢᠵᠤ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠥᠷᠥᠯ ᠵᠦᠢᠯ ᠢ 0.44 ᠲᠦᠮᠡᠨ ᠮᠦ ᠬᠡᠷᠡᠭᠵᠢᠭᠦᠯᠵᠦ᠂ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 0.42 ᠲᠥᠮᠡᠨ ᠮᠦ ᠪᠦᠲᠦᠭᠡᠨ ᠪᠠᠶᠢᠭᠤᠯᠬᠤ ᠪᠠᠷ ᠲᠥᠯᠥᠪᠯᠡᠵᠦ᠂ ᠲᠠᠷᠢᠮᠠᠯ ᠤᠨ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ ᠲᠠᠷᠢᠶᠠᠯᠠᠬᠤ ᠡᠷᠦᠬᠡ ᠶᠢᠨ 60 ᠭᠠᠷᠤᠶ ᠰᠠᠭᠤᠷᠢ ︵ᠢᠵᠢ︶ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ ᠵᠠᠰᠠᠵᠤ᠂ ᠮᠠᠰᠢᠨ ᠮᠧᠬᠠᠨᠢᠭ ᠤᠨ ᠥᠨᠳᠥᠷ ᠪᠦᠲᠦᠮᠵᠢᠲᠡᠶ ᠠᠵᠢᠯᠯᠠᠬᠤ ᠶᠢ ᠦᠨᠡᠨ ᠬᠦ ᠪᠠᠲᠤᠯᠠᠪᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠰᠬᠠᠶ ᠰᠡᠳᠦᠪᠲᠦ ᠪᠣᠯᠪᠠᠰᠤᠷᠠᠯ ᠤᠨ ᠠᠩᠭᠢ ᠵᠣᠬᠢᠶᠠᠨ ᠪᠠᠶᠢᠭᠤᠯᠤᠨ ᠡᠷᠬᠢᠯᠡᠵᠦ᠂ ᠲᠤᠰᠬᠠᠶ ᠮᠡᠷᠭᠡᠵᠢᠯᠲᠡᠨ ᠢ ᠤᠷᠢᠵᠤ ᠲᠠᠷᠢᠮᠠᠯ ᠤᠨ ᠮᠡᠷᠭᠡᠵᠢᠯ᠂ ᠲᠠᠷᠢᠶᠠᠨ ᠠᠵᠢᠯ ᠤᠨ ᠬᠠᠮᠢᠶᠠᠷᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ  ᠲᠠᠶᠢᠯᠣᠮᠵᠢ ᠬᠢᠯᠭᠡᠵᠦ᠂ ᠨᠡᠶᠢᠲᠡ 60 ᠭᠠᠷᠤᠶ ᠬᠥᠮᠦᠨ ᠤᠳᠠᠭ᠎ᠠ ᠳᠤ ᠪᠣᠯᠪᠠᠰᠤᠷᠠᠯ ᠬᠦᠷᠲᠡᠭᠡᠨ᠂ ᠲᠠᠷᠢᠶᠠᠯᠠᠩ ᠤᠨ ᠦᠢᠯᠡᠣᠡᠪᠣᠷᠢᠯᠡᠯ ᠤᠨ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠪᠡ᠃
         
               ᠲᠠᠷᠢᠶᠠᠯᠠᠩ ᠤᠨ ᠬᠡᠷᠡᠭᠰᠡᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠲᠠᠯ᠎ᠠ ᠪᠠᠷ ᠰᠠᠶᠢᠬᠠᠨᠲᠠᠯ᠎ᠠ ᠰᠤᠮᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶ᠎ᠠ ᠣᠷᠣᠨ ᠤ ᠪᠠᠨ ᠲᠠᠷᠢᠶᠠᠨ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ ᠬᠡᠷᠡᠭᠰᠡᠯ ᠳᠤ ᠭᠤᠷᠪᠠᠨ ᠡᠭᠡᠯᠵᠢ ᠶᠢᠨ ᠲᠤᠰᠬᠠᠶ ᠪᠠᠶᠢᠴᠠᠭᠠᠯᠲᠠ ᠥᠷᠨᠢᠭᠦᠯᠵᠦ᠂ ᠪᠦᠲᠦᠭᠡᠭᠳᠡᠬᠦᠨ ᠤ ᠢᠷᠡᠯᠲᠠ ᠪᠠ ᠶᠠᠰᠤ ᠴᠢᠨᠠᠷ ᠢ ᠴᠢᠩᠭ᠎ᠠ ᠪᠠᠶᠢᠴᠠᠭᠠᠨ᠂ ᠬᠤᠳᠠᠯ ᠬᠠᠭᠤᠷᠮᠠᠭ ᠴᠢᠨᠠᠷ ᠮᠠᠭᠤ ᠪᠠᠷᠠᠭ᠎ᠠ ᠲᠠᠸᠠᠷ ᠪᠣᠷᠣᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠤᠨ ᠠᠮᠤᠷ ᠲᠦᠪᠰᠢᠨ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠪᠠ᠃ ᠲᠠᠷᠢᠶᠠᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠳᠤ ᠴᠢᠭᠯᠡᠭᠦᠯᠦᠨ ᠣᠯᠠᠨ ᠲᠦᠮᠡᠨ ᠢ ᠳᠠᠶᠢᠴᠢᠯᠠᠨ 1197 ᠮᠦ ᠲᠠᠷᠢᠶᠠᠨ ᠭᠠᠵᠠᠷ  ᠤᠨ  ᠬᠠᠶᠠᠭᠳᠠᠮᠠᠯ  ᠰᠦᠯᠢᠶᠣᠣ  ᠪᠦᠷᠬᠦᠪᠴᠢ  ᠶᠢ  ᠠᠷᠢᠯᠭᠠᠨ  ᠴᠡᠪᠡᠷᠯᠡᠵᠦ  ᠂    ︽ᠲᠠᠷᠢᠶᠠᠴᠢᠨ ᠡᠷᠦᠬᠡ ᠥᠪᠡᠰᠦᠪᠡᠨ ᠠᠷᠢᠯᠭᠠᠬᠤ +  ᠲᠥᠪᠯᠡᠷᠡᠭᠦᠯᠦᠨ ᠰᠢᠯᠵᠢᠭᠦᠯᠦᠨ ᠲᠡᠭᠡᠭᠡᠪᠦᠷᠢᠯᠡᠬᠦ︾ ᠵᠠᠭᠪᠤᠷ ᠢ ᠬᠡᠷᠡᠭᠯᠡᠭᠰᠡᠨ ᠪᠥᠭᠡᠳ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠠᠰᠢᠭᠯᠠᠨ ᠰᠦᠯᠢᠶᠣᠣ ᠪᠦᠷᠬᠦᠪᠴᠢ ᠶᠢᠨ ᠪᠣᠬᠢᠷᠲᠤᠯ ᠤᠨ ᠬᠤᠤᠷ ᠬᠥᠨᠥᠭᠡᠯ ᠢ ᠤᠬᠠᠭᠤᠯᠤᠨ ᠲᠦᠭᠡᠮᠡᠯᠵᠢᠭᠦᠯᠵᠦ  ᠮᠠᠯᠴᠢᠨ ᠲᠠᠷᠢᠶᠠᠴᠢᠨ ᠲᠦᠮᠡᠨ ᠤ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠡᠷ ᠢ ᠴᠢᠩᠭᠠᠷᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠣᠡᠪᠣᠷᠢᠯᠡᠯ ᠪᠠ ᠠᠮᠢ ᠠᠬᠤᠶ ᠶᠢᠨ ᠬᠠᠮᠠᠭᠠᠯᠠᠯᠲᠠ ᠶᠢ ᠬᠠᠮᠵᠢᠯᠴᠠᠨ ᠠᠬᠢᠭᠤᠯᠬᠤ ᠶᠢ ᠪᠦᠲᠦᠮᠵᠢᠲᠡᠶ ᠰᠠᠶᠢᠲᠤᠷ ᠬᠢᠪᠡ᠃ ᠰᠠᠶᠢᠬᠠᠨᠲᠠᠯ᠎ᠠ ᠰᠤᠮᠤ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠢᠯᠡᠷᠬᠡᠶᠢᠯᠡᠬᠦ ᠳᠤ ᠪᠠᠨ᠂ ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭ᠎ᠠ ᠪᠠᠶᠢᠵᠤ᠂ ᠪᠥᠬᠦ ᠰᠤᠮᠤ ᠪᠠᠷ ᠢᠶᠠᠨ ᠠᠮᠤ ᠪᠤᠳᠠᠭᠠᠨ ᠤ ᠠᠮᠤᠷ ᠲᠦᠪᠰᠢᠨ ᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠡᠷᠭᠡᠵᠢᠯ ᠤᠨ ᠵᠢᠯᠣᠭᠤᠳᠣᠯᠭ᠎ᠠ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠪᠣᠯᠤᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠲᠠᠷᠢᠶᠠᠯᠠᠬᠤ ᠴᠠᠭ ᠢ ᠰᠠᠭᠠᠲᠠᠭᠠᠬᠤ ᠥᠬᠡᠶ᠂ ᠲᠠᠷᠢᠶᠠᠯᠠᠩ ᠤᠨ ᠠᠵᠢᠯ ᠢ ᠰᠠᠭᠠᠲᠠᠭᠠᠬᠤ ᠥᠬᠡᠶ ᠪᠠᠶᠢᠬᠤ ᠶᠢ ᠪᠠᠲᠤᠯᠠᠵᠤ᠂ ᠪᠥᠬᠦ ᠵᠢᠯ ᠤᠨ ᠲᠠᠷᠢᠶᠠᠯᠠᠩ  ᠤᠨ  ᠡᠯᠪᠡᠭ  ᠬᠤᠷᠢᠶᠠᠯᠲᠠ  ᠳᠤ ᠪᠠᠲᠤ  ᠪᠠᠬᠢ  ᠰᠠᠭᠤᠷᠢ  ᠲᠠᠯᠪᠢᠨ᠎ᠠ  ᠭᠡᠵᠡᠶ᠃      ︵ᠰᠠᠶᠢᠬᠠᠡᠬᠤᠸᠠᠷ᠂ ᠤᠷᠭᠤᠮᠠᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号