ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 19 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠨᠠᠶᠢᠷᠠᠭᠤᠯᠤᠭᠰᠠᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠣᠨᠣᠯ ᠤᠨ ᠴᠤᠪᠤᠷᠠᠯ︾ ᠤᠨ ᠠᠷᠪᠠᠨ ᠨᠢᠭᠡᠳᠦᠭᠡᠷ ᠡᠮᠬᠢᠳᠬᠡᠯ ᠠᠴᠠ | ᠠᠷᠪᠠᠨ ᠲᠠᠪᠤᠳᠤᠭᠠᠷ ᠡᠮᠬᠢᠳᠬᠡᠯ ᠢ ᠣᠶᠢᠷ᠎ᠡ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ | ᠪᠦᠬᠦ ᠤᠯᠤᠰ ᠲᠤ ᠲᠠᠷᠬᠠᠭᠠᠪᠠ᠃ | ᠲᠤᠰ ᠨᠣᠮ ᠤᠨ ᠠᠷᠪᠠᠨ ᠨᠢᠭᠡᠳᠦᠭᠡᠷ ᠡᠮᠬᠢᠳᠬᠡᠯ ᠠᠴᠠ ᠠᠷᠪᠠᠨ ᠲᠠᠪᠤᠳᠤᠭᠠᠷ ᠡᠮᠬᠢᠳᠬᠡᠯ ᠳᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠡ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠤᠨ 2023 ᠣᠨ ᠤ 11 ᠰᠠᠷ᠎ᠠ ᠠᠴᠠ ᠨᠠᠭᠠᠰᠢᠬᠢ ᠵᠣᠬᠢᠶᠠᠨ ᠪᠠᠶᠢᠭᠤᠯᠵᠤ ᠲᠤᠭᠤᠷᠪᠢᠨ ᠪᠢᠴᠢᠭᠰᠡᠨ ᠪᠥᠭᠡᠳ | ᠠᠷᠠᠳ ᠤᠨ ᠡᠳᠦᠷ ᠤᠨ ᠰᠣᠨᠢᠨ᠂ ︽ᠦᠨᠡᠨ︾ ᠰᠡᠳᠬᠦᠯ ᠵᠡᠷᠭᠡ ᠳᠤ ᠨᠡᠶᠢᠳᠡᠯᠡᠭᠰᠡᠨ ᠨᠡᠶᠢᠲᠡ 29 ᠰᠢᠷᠢᠰ ᠤᠨᠣᠯ ᠤᠨ | ᠤᠬᠠᠭᠤᠯᠭ᠎ᠠ ᠶᠢᠨ ᠵᠣᠬᠢᠶᠠᠯ ᠢ ᠣᠷᠣᠭᠤᠯᠵᠤ᠂ ᠪᠠᠷᠤᠭ 23 ᠲᠦᠮᠡᠨ ᠦᠰᠦᠭ ᠲᠠᠢ᠃ ᠡᠳᠡᠭᠡᠷ ᠵᠣᠬᠢᠶᠠᠯ ᠨᠢ ᠶᠡᠷᠦᠩᠬᠡᠶ | ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢ ᠰᠤᠷᠤᠯᠴᠠᠨ ᠲᠣᠭᠤᠰᠢᠯᠠᠭᠤᠯᠬᠤ ᠶᠢᠨ | ᠲᠣᠭᠤᠷᠢᠨ ᠳᠤ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠡᠭᠦᠳᠦᠯᠲᠡ ᠶᠢᠨ ᠣᠨᠣᠯ ᠤ ᠰᠢᠰᠲ᠋ᠧᠮᠵᠢᠭᠰᠡᠨ ᠰᠤᠳᠤᠯᠭᠠᠨ᠂ | ᠶᠣᠰᠣ ᠵᠦᠢᠴᠢᠯᠡᠭᠰᠡᠨ ᠲᠠᠶᠢᠯᠪᠤᠷᠢᠯᠠᠯᠲᠠ ᠶᠢ ᠴᠢᠷᠮᠠᠶᠢᠨ ᠠᠬᠢᠭᠤᠯᠪᠠ᠃ ᠲᠤᠰ ᠨᠣᠮ ᠤᠨ ᠨᠢᠭᠡᠳᠦᠭᠡᠷ ᠡᠮᠬᠢᠳᠬᠡᠯ ᠠᠴᠠ | ᠲᠠᠪᠤᠳᠤᠭᠠᠷ ᠡᠮᠬᠢᠳᠬᠡᠯ᠂ ᠵᠢᠷᠭᠤᠳᠤᠭᠠᠷ ᠡᠮᠬᠢᠳᠬᠡᠯ ᠠᠴᠠ ᠠᠷᠪᠠᠳᠤᠭᠠᠷ ᠡᠮᠬᠢᠳᠬᠡᠯ ᠢ ᠲᠤᠰ ᠲᠤᠰ 2020 ᠣᠨ᠂ 2023 | ᠣᠨ ᠳᠤ ᠬᠡᠪᠯᠡᠨ ᠲᠠᠷᠬᠠᠭᠠᠪᠠ᠃ |