ᠠᠷᠤ ᠬᠤᠷᠴᠢᠨ ᠬᠤᠰᠢᠭᠤᠨ ᠤ ᠬᠢᠨ ᠲᠣᠭᠤᠷᠢᠨ ᠪᠠᠶᠢᠴᠠᠭᠠᠬᠤ ᠬᠠᠮᠵᠢᠯᠴᠠᠭᠠᠨ ᠤ ᠭᠡᠰᠢᠭᠦᠨ ᠨᠢᠭᠡᠴᠡ ᠶᠢᠨ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠡᠷᠬᠢᠯᠡᠪᠡ
ᠨᠡᠶᠢᠲᠡᠯᠡᠭᠰᠡᠨ ᠴᠠᠭ᠄
2025/5/24
       ᠰᠢᠨ᠎ᠡ ᠴᠠᠭ ᠦᠶ᠎ᠡ ᠶᠢᠨ ᠺᠠᠳ᠋ᠷ ᠠᠵᠢᠯᠲᠠᠨ ᠤ ᠴᠤᠭ ᠵᠢᠪᠬᠤᠭ᠎ᠠ ᠶᠢ ᠳᠡᠯᠭᠡᠨ ᠦᠵᠡᠭᠦᠯᠵᠦ᠂ ᠲᠣᠭᠤᠷᠢᠨ ᠪᠠᠶᠢᠴᠠᠭᠠᠬᠤ ᠬᠠᠮᠵᠢᠯᠴᠠᠭᠠᠨ ᠤ ᠪᠦᠷᠢᠯᠳᠦᠬᠦᠨ ᠨᠢᠭᠡᠴᠡ ᠶᠢᠨ ᠨᠡᠪᠲᠡᠷᠡᠯᠴᠡᠭᠡ ᠰᠣᠯᠢᠯᠴᠠᠭ᠎ᠠ ᠪᠣᠯᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠠᠷᠤ ᠬᠤᠷᠴᠢᠨ ᠬᠤᠰᠢᠭᠤᠨ ᠤ ᠬᠢᠨ ︽ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠴᠤᠭ ᠵᠢᠪᠬᠤᠭ᠎ᠠ ᠪᠠᠨ ᠪᠠᠳᠠᠷᠠᠭᠤᠯᠤᠶ᠎ᠠ︾ ᠲᠣᠭᠤᠷᠢᠨ ᠪᠠᠶᠢᠴᠠᠭᠠᠬᠤ ᠬᠠᠮᠵᠢᠯᠴᠠᠭᠠᠨ ᠤ ᠪᠦᠷᠢᠯᠳᠦᠬᠦᠨ ᠨᠢᠭᠡᠴᠡ ᠶᠢᠨ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠨ ᠶᠠᠪᠤᠭᠳᠠᠭᠤᠯᠵᠤ᠂ 23 ᠨᠢᠭᠡᠴᠡ ᠶᠢᠨ 350 ᠭᠠᠷᠤᠶ ᠲᠠᠮᠢᠷᠴᠢᠨ ᠤᠷᠤᠯᠳᠤᠭᠠᠨ ᠳᠤ ᠤᠷᠤᠯᠴᠠᠵᠠᠶ᠃
       ᠲᠤᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠳᠡᠭᠡᠰᠦ ᠲᠠᠲᠠᠬᠤ ᠤᠷᠤᠯᠳᠤᠭᠠᠨ᠂ ᠠᠯᠠᠭᠠᠳᠠᠬᠤ ᠪᠥᠮᠪᠦᠭᠡ ᠶᠢᠨ ᠤᠷᠤᠯᠳᠤᠭᠠᠨ᠂ ᠥᠳᠥᠨ ᠪᠥᠮᠪᠦᠭᠡ ᠶᠢᠨ ᠤᠷᠤᠯᠳᠤᠭᠠᠨ ᠵᠡᠷᠭᠡ ᠪᠡᠶ᠎ᠡ ᠶᠢᠨ ᠲᠠᠮᠢᠷ ᠤᠨ ᠲᠥᠷᠥᠯ ᠵᠦᠢᠯ ᠤᠳ ᠢ ᠪᠠᠭᠲᠠᠭᠠᠵᠤ᠂ ᠲᠠᠮᠢᠷᠴᠢᠳ ᠣᠶᠤᠨ ᠤᠬᠠᠭᠠᠨ ᠬᠦᠴᠦ ᠲᠠᠮᠢᠷ ᠰᠥᠰᠥ ᠵᠣᠷᠢᠭ ᠢᠶᠠᠨ ᠰᠣᠷᠢᠵᠠᠶ᠃ ᠬᠤᠶᠠᠷ ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠡᠯ᠎ᠡ ᠵᠦᠢᠯ ᠤᠨ ᠤᠷᠤᠯᠳᠤᠭᠠᠨ ᠲᠡᠭᠦᠰ ᠠᠮᠵᠢᠯᠲᠠ ᠲᠠᠢ ᠲᠡᠭᠦᠰᠴᠦ᠂ ᠲᠡᠭᠦᠰᠬᠦ ᠶᠣᠰᠣᠯᠠᠯ ᠳᠡᠭᠡᠷ᠎ᠡ᠂ ᠰᠢᠯᠢᠳᠡᠭ ᠬᠢᠷᠢ ᠪᠦᠲᠦᠮᠵᠢ ᠣᠯᠤᠭᠰᠠᠨ ᠪᠦᠯᠬᠦᠮ ᠳᠤ ᠱᠠᠩᠨᠠᠯ ᠤᠨ ᠮᠧᠳᠠᠯ ᠪᠠ ᠦᠨᠡᠮᠯᠡᠯ ᠣᠯᠭᠤᠪᠠ᠃        ᠲᠤᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠠᠵᠢᠯᠲᠠᠨ ᠠᠵᠢᠯᠴᠢᠳ ᠤᠨ ᠪᠡᠶ᠎ᠡ ᠮᠠᠬᠠᠪᠣᠳ ᠤᠨ ᠬᠡᠪ ᠴᠢᠨᠠᠷ ᠪᠠ ᠤᠷᠤᠯᠳᠤᠭᠠᠨ ᠤ ᠬᠢᠷᠢ ᠲᠦᠪᠰᠢᠨ ᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠲᠡᠳᠡᠨ ᠤ ᠪᠦᠯᠬᠦᠮᠳᠡᠨ ᠬᠠᠮᠵᠢᠯᠴᠠᠬᠤ᠂ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠢᠯᠡᠷᠡᠭᠦᠯᠦᠭᠰᠡᠨ ᠪᠠᠶᠢᠨ᠎ᠠ᠃ ︵ᠯᠢ ᠬᠤᠸᠠᠨ ᠢᠦᠶ᠂ ᠴᠡᠯᠮᠡᠭ᠂ ᠤᠷᠭᠤᠮᠠᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号