5 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠵᠦᠩ ᠬᠤᠸᠠ | ᠬᠤᠪᠢ ᠡᠵᠡᠮᠳᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠡᠪᠯᠡᠯ ᠤᠨ ᠬᠤᠷᠢᠶ᠎ᠠ ᠶᠢᠨ ᠳᠡᠳ᠋ ᠱᠦᠵᠢ᠂ | ᠬᠠᠪᠰᠤᠷᠤᠨ ᠲᠡᠳᠬᠦᠬᠦ ᠠᠯᠪᠠᠨ ᠭᠡᠷ ᠤᠨ ᠶᠡᠷᠦᠩᠬᠡᠶ ᠳᠠᠭᠠᠭᠠᠮᠠᠯ ᠭᠦᠸᠧ ᠰᠢᠶᠣᠤ ᠵᠣᠣ᠂ ᠵᠥᠩ ᠬᠤᠸᠠ ᠮᠡᠳᠡᠭᠡ | ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠦᠢᠴᠡᠣᠡᠭᠡᠬᠦ ᠬᠡᠷᠡᠭ ᠮᠡᠳᠡᠭᠴᠢ᠂ ᠨᠠᠮ ᠤᠨ ᠬᠤᠷᠢᠶ᠎ᠠ ᠶᠢᠨ | ᠱᠦᠵᠢ᠂ ᠶᠡᠷᠦᠩᠬᠡᠶ ᠳᠠᠭᠠᠭᠠᠮᠠᠯ ᠵᠣᠤ ᠶᠠᠩ ᠨᠠᠷ ᠠᠷᠤ ᠬᠤᠷᠴᠢᠨ ᠬᠤᠰᠢᠭᠤᠨ ᠳᠤ ᠬᠦᠷᠴᠦ ︽ᠢᠷᠡᠭᠡᠳᠦᠶ ᠶᠢᠨ | ᠬᠥᠮᠦᠵᠢᠯ᠂ ᠵᠠᠯᠠᠭᠤᠴᠤᠳ ᠤᠨ ᠰᠠᠶᠢᠨ ᠳᠤᠷ᠎ᠠ ᠶᠢᠨ ᠨᠡᠶᠢᠲᠡ ᠶᠢᠨ ᠠᠰᠠᠷᠠᠮᠵᠢ︾ ᠶᠢᠨ ᠠᠵᠢᠯᠯᠠᠭ᠎ᠠ ᠥᠷᠨᠢᠭᠦᠯᠪᠡ᠃ | ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ | ᠶᠤᠸᠠᠨ ᠪᠢᠨ ᠠᠵᠢᠯᠯᠠᠭ᠎ᠠ ᠳᠤ ᠣᠷᠣᠯᠴᠠᠪᠠ᠃ | | | | | | ᠨᠡᠶᠢᠲᠡ ᠶᠢᠨ ᠠᠰᠠᠷᠠᠮᠵᠢ ᠶᠢᠨ ᠪᠦᠯᠬᠦᠮ ᠤᠨ ᠬᠢᠨ ᠴᠢᠪᠠᠭ᠎ᠠ ᠬᠤᠶᠠᠳᠤᠭᠠᠷ ᠳᠤᠮᠳᠠᠳᠤ ᠰᠤᠷᠭᠠᠭᠤᠯᠢ ᠳᠤ | ᠭᠦᠨᠵᠡᠭᠡᠶᠢᠷᠡᠵᠦ᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠭᠰᠡᠨ ᠪᠠᠶᠢᠳᠠᠯ ᠳᠤ ᠴᠢᠭᠯᠡᠭᠦᠯᠦᠨ ᠪᠠᠶᠢᠴᠠᠭᠠᠨ | ᠰᠤᠳᠤᠯᠤᠯᠲᠠ ᠬᠢᠵᠦ᠂ ᠰᠠᠶᠢᠨ ᠳᠤᠷ᠎ᠠ ᠶᠢᠨ ᠠᠵᠢᠯᠯᠠᠭᠰᠠᠳ ᠠᠴᠠ ᠰᠤᠷᠤᠭᠴᠢᠳ ᠲᠤ ᠨᠡᠶᠢᠲᠡ ᠶᠢᠨ ᠠᠰᠠᠷᠠᠮᠵᠢ ᠶᠢᠨ | ᠬᠢᠴᠢᠶᠡᠯ ᠵᠢᠭᠠᠪᠠ᠃ ᠳᠠᠷᠠᠭ᠎ᠠ ᠨᠢ᠂ ᠴᠢᠪᠠᠭ᠎ᠠ ᠨᠢᠭᠡᠳᠦᠭᠡᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠰᠠᠨᠠᠯ ᠢᠶᠠᠨ | ᠰᠣᠯᠢᠯᠴᠠᠵᠤ ᠶᠠᠷᠢᠯᠴᠠᠬᠤ ᠬᠤᠷᠠᠯ ᠥᠷᠨᠢᠭᠦᠯᠵᠦ᠂ ᠰᠤᠷᠤᠭᠴᠢᠳ ᠲᠠᠢ ᠦᠰᠦᠨ ᠪᠣᠶᠢᠵᠢᠡᠡᠰᠡᠨ ᠲᠤᠷᠰᠢᠯᠭ᠎ᠠ᠂ ᠠᠵᠢᠯ | ᠮᠡᠷᠭᠡᠵᠢᠯ ᠤᠨ ᠲᠥᠯᠥᠪᠵᠢᠭᠦᠯᠭᠡ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠨ ᠬᠤᠪᠢᠶᠠᠯᠴᠠᠪᠠ᠃ ᠨᠡᠶᠢᠲᠡ ᠶᠢᠨ | ᠠᠰᠠᠷᠠᠮᠵᠢ ᠶᠢᠨ ᠪᠦᠯᠬᠦᠮ ᠤᠨ ᠬᠢᠨ ᠪᠠᠰᠠ ᠴᠢᠪᠠᠭ᠎ᠠ ᠳᠥᠷᠪᠡᠳᠦᠭᠡᠷ ᠪᠠᠭ᠎ᠠ ᠰᠤᠷᠭᠠᠭᠤᠯᠢ ᠳᠤ ᠭᠦᠡᠵᠡᠭᠡᠶᠢᠷᠡᠵᠤ | ︽6·1 ᠤ ᠬᠡᠦᠬᠡᠳ ᠤᠨ ᠪᠠᠶᠠᠷ︾ ᠤᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠥᠷᠨᠢᠭᠦᠯᠦᠭᠰᠡᠨ ᠪᠥᠭᠡᠳ | ᠰᠤᠷᠤᠭᠴᠢᠳ ᠲᠤ ᠨᠣᠮ ᠳᠡᠪᠲᠡᠷ ᠬᠦᠷᠭᠡᠪᠡ᠃ | | | | | | ᠲᠤᠰ ᠤᠳᠠᠭᠠᠨ ᠤ ︽ᠢᠷᠡᠭᠡᠳᠦᠶ ᠶᠢ ᠪᠣᠶᠢᠵᠢᠭᠤᠯᠬᠤ᠂ ᠵᠠᠯᠠᠭᠤᠴᠤᠳ ᠤᠨ ᠰᠠᠶᠢᠨ ᠳᠤᠷ᠎ᠠ ᠶᠢᠨ | ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ︾ ᠨᠢ ᠰᠤᠷᠤᠭᠴᠢᠳ ᠲᠤ ᠮᠡᠳᠡᠯᠭᠡ ᠲᠤᠷᠰᠢᠯᠭ᠎ᠠ ᠤᠯᠠᠮᠵᠢᠯᠠᠭᠰᠠᠨ ᠢᠶᠠᠷ | ᠪᠠᠷᠠᠬᠤ ᠥᠬᠡᠶ᠂ ᠨᠠᠩ ᠴᠤ ᠳᠤᠮᠳᠠᠳᠤ ᠤᠯᠤᠰ ᠤᠨ ᠵᠥᠩ ᠬᠤᠸᠠ ᠵᠠᠯᠠᠭᠤᠴᠤᠳ ᠰᠠᠶᠢᠨ ᠳᠤᠷ᠎ᠠ ᠶᠢᠨ ᠠᠵᠢᠯᠯᠠᠭᠴᠢ | ᠪᠣᠯᠤᠨ ᠠᠷᠤ ᠬᠤᠷᠴᠢᠨ ᠬᠤᠰᠢᠭᠤᠨ ᠤ ᠰᠤᠷᠤᠭᠴᠢᠳ ᠤᠨ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭᠠᠨ ᠤ | ᠬᠥᠭᠦᠷᠭᠡ ᠶᠢ ᠴᠣᠭᠴᠠᠯᠠᠵᠤ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠬᠥᠭᠵᠢᠯᠲᠡ ᠳᠤ ᠰᠠᠶᠢᠨ ᠳᠤᠷ᠎ᠠ ᠶᠢᠨ | ᠬᠦᠴᠦᠨ ᠢ ᠨᠡᠮᠡᠷᠢᠯᠡᠭᠰᠡᠨ ᠪᠠᠶᠢᠨ᠎ᠠ᠃ ︵ᠯᠢᠦ ᠰᠢᠨ ᠲᠢᠩ︶ | | | | |