5 ᠰᠠᠷ᠎ᠠ ᠶᠢᠨ 22 ᠤᠨ ᠡᠳᠦᠷ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ | ᠬᠤᠷᠢᠶ᠎ᠠ ᠶᠢᠨ ᠳᠠᠷᠤᠭ᠎ᠠ ᠯᠢᠦ ᠸᠧᠶ ᠨᠡᠷ ᠠᠷᠤ ᠬᠤᠷᠴᠢᠨ ᠬᠤᠰᠢᠭᠤᠨ ᠳᠤ ᠭᠦᠡᠵᠡᠭᠡᠶᠢᠷᠡᠨ ᠪᠠᠶᠢᠴᠠᠭᠠᠨ ᠰᠤᠳᠤᠯᠤᠯᠲᠠ | ᠬᠢᠵᠦ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ | ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠪᠠᠶᠢᠴᠠᠭᠠᠨ ᠰᠤᠳᠤᠯᠬᠤ ᠲᠣᠭᠤᠶᠢᠯᠠᠩ ᠤᠨ ᠬᠢᠨ ᠠᠷᠤ ᠬᠤᠷᠴᠢᠨ ᠬᠤᠰᠢᠭᠤᠨ ᠤ MAP ᠣᠳᠣ | ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ | ᠬᠦᠷᠢᠶᠡᠯᠡᠩ᠂ ᠴᠢᠨᠠᠷ ᠰᠠᠶᠢᠲᠠᠶ ᠲᠡᠵᠢᠭᠡᠯ ᠡᠪᠡᠰᠦᠨ ᠤ ᠠᠵᠤ ᠦᠢᠯᠡᠰ ᠤᠨ ᠰᠠᠭᠤᠷᠢᠨ ᠭᠠᠵᠠᠷ᠂ ᠤᠣ ᠶᠠ ᠣᠳᠣ | ᠦᠶ᠎ᠡ ᠶᠢᠨ ᠮᠠᠯᠵᠢᠯ ᠤᠨ ᠲᠠᠯᠠᠪᠠᠢ ᠶᠢᠨ ᠨᠠᠢᠮᠠᠳᠣᠭᠠᠷ ᠬᠤᠪᠢᠶᠠᠷᠢ ᠲᠠᠯᠠᠪᠠᠢ᠂ ᠬᠤᠰᠢᠭᠤᠨ ᠮᠦᠽᠧᠶ᠂ ᠨᠠᠮᠤᠷ | ᠦᠨᠳᠦᠰᠦᠲᠡᠨ ᠤ ᠢᠳᠡᠭᠡᠨ ᠤ ᠵᠦᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠠᠯᠢᠡᠬᠤᠸᠠ ᠾᠦᠢ ᠫᠧᠩ | ᠢᠳᠡᠭᠡᠨ ᠤ ᠵᠦᠢᠯ ᠤᠨ ᠬᠢᠵᠠᠭᠠᠷᠲᠤ ᠺᠣᠮᠫᠠᠨᠢ ᠵᠢᠴᠢ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ | ᠦᠢᠯᠡᠣᠡᠬᠦ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠡᠶ᠃ | ᠪᠠᠶᠢᠴᠠᠭᠠᠨ ᠰᠤᠳᠤᠯᠬᠤ ᠲᠣᠭᠤᠶᠢᠯᠠᠩ ᠤᠨ ᠬᠢᠨ ᠦᠢᠯᠡᠣᠡᠪᠣᠷᠢᠯᠡᠯ ᠤᠨ ᠲᠠᠰᠤᠭ᠂ ᠰᠢᠨᠵᠢᠯᠡᠬᠦ ᠤᠬᠠᠭᠠᠨ ᠤ | ᠰᠤᠳᠤᠯᠭᠠᠨ ᠤ ᠨᠢᠭᠡᠳᠦᠭᠡᠷ ᠹᠷᠣᠨᠲ ᠪᠣᠯᠤᠨ ᠰᠣᠶᠣᠯ ᠤᠨ ᠦᠵᠡᠰᠬᠦᠯᠡᠩ ᠤᠨ ᠣᠷᠳᠣᠨ ᠳᠤ ᠭᠦᠡᠵᠡᠭᠡᠶᠢᠷᠡᠵᠤ | ᠲᠤᠬᠠᠶ ᠶᠢᠨ ᠭᠠᠵᠠᠷ ᠤᠨ ᠣᠳᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠤᠨ ᠬᠥᠭᠵᠢᠯᠲᠡ ᠣᠨᠴᠠᠯᠢᠭᠲᠤ ᠠᠵᠤ | ᠦᠢᠯᠡᠰ ᠤᠨ ᠬᠥᠭᠵᠢᠯᠲᠡ ᠪᠤᠶᠢᠵᠢᠯᠲᠡ᠂ ᠰᠣᠶᠣᠯ ᠤᠨ ᠬᠠᠮᠠᠭᠠᠯᠠᠯᠲᠠ ᠤᠯᠠᠮᠵᠢᠯᠠᠯ ᠵᠢᠴᠢ ᠡᠯᠡᠰᠦᠷᠬᠡᠭᠵᠢᠯ ᠢ | ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ ᠵᠡᠷᠭᠡ ᠲᠠᠯ᠎ᠠ ᠪᠠᠷ ᠬᠢ ᠰᠢᠨ᠎ᠡ ᠶᠢ ᠡᠭᠦᠳᠦᠭᠰᠡᠨ ᠦᠢᠯᠡᠳᠣᠯᠭᠡ ᠪᠣᠯᠤᠨ | ᠬᠥᠭᠵᠢᠯᠲᠡ ᠶᠢᠨ ᠦᠷ᠎ᠡ ᠪᠦᠲᠦᠭᠡᠯ ᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ | ᠶᠠᠷᠢᠯᠴᠠᠨ ᠰᠠᠨᠠᠯ ᠪᠣᠳᠤᠯ ᠢᠶᠠᠨ ᠭᠦᠨᠵᠡᠭᠡᠶ ᠰᠣᠯᠢᠯᠴᠠᠵᠤ ᠲᠤᠬᠠᠶ ᠶᠢᠨ ᠭᠠᠵᠠᠷ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠠᠷᠭ᠎ᠠ ᠤᠬᠠᠭᠠᠨ ᠭᠠᠷᠭᠠᠵᠤ ᠥᠭᠪᠡ᠃ | ᠯᠢᠦ ᠸᠧᠶ ᠬᠡᠯᠡᠬᠦ ᠳᠡᠭᠡᠨ᠂ ᠠᠷᠤ ᠬᠤᠷᠴᠢᠨ ᠬᠤᠰᠢᠭᠤ ᠲᠤᠰ ᠪᠡᠶ᠎ᠡ ᠶᠢᠨ ᠡᠬᠢ ᠪᠠᠶᠠᠯᠢᠭ ᠤᠨ | ᠳᠠᠪᠠᠭᠤᠯᠢᠭ ᠲᠤ ᠪᠠᠨ ᠰᠠᠭᠤᠷᠢᠯᠠᠨ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠰᠣᠶᠣᠯ ᠤᠨ ᠤᠯᠠᠮᠵᠢᠯᠠᠯ᠂ | ᠡᠯᠡᠰᠦᠷᠬᠡᠭᠵᠢᠯ ᠢ ᠰᠡᠷᠭᠡᠶᠢᠯᠵᠤ ᠡᠯᠡᠰᠦᠷᠬᠡᠭᠵᠢᠯ ᠢ ᠵᠠᠰᠠᠬᠤ ᠬᠦᠷᠢᠶᠡᠨ ᠳᠤ ᠢᠯᠡᠳᠲᠡ ᠠᠮᠵᠢᠯᠲᠠ ᠣᠯᠵᠠᠶ᠃ | ᠬᠤᠶᠢᠰᠢᠳᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠨᠠᠭᠰᠢᠳᠠ | ᠴᠢᠩᠭᠠᠳᠬᠠᠵᠤ᠂ MAP ᠣᠳᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ ᠲᠥᠷᠥᠯ ᠵᠦᠢᠯ ᠢ ᠣᠶᠤᠨᠴᠢᠯᠠᠬᠤ᠂ ᠪᠠᠷᠢᠮᠵᠢᠶᠠᠵᠢᠭᠤᠯᠬᠤ | ᠲᠡᠰᠢ ᠲᠡᠰ ᠳᠡᠪᠰᠢᠭᠦᠯᠬᠦ ᠶᠢ ᠠᠬᠢᠭᠤᠯᠵᠤ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠪᠥᠬᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠵᠤ᠂ ᠵᠠᠬ᠎ᠠ ᠳᠡᠯᠭᠡᠭᠦᠷ ᠤᠨ ᠭᠤᠤᠯᠯᠠᠭᠴᠢ | ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ︔ ᠰᠣᠶᠣᠯ ᠵᠤᠭᠠᠴᠠᠯ ᠤᠨ ᠠᠭᠤᠰᠤᠯᠴᠠᠯ ᠢ | ᠭᠦᠡᠵᠡᠭᠡᠶᠢᠷᠡᠭᠦᠯᠵᠤ᠂ ᠮᠦᠽᠧᠶ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠰᠣᠶᠣᠯ ᠤᠨ ᠡᠬᠢ | ᠪᠠᠶᠠᠯᠢᠭ ᠢ ᠠᠮᠢ ᠠᠬᠤᠶ ᠶᠢᠨ ᠵᠤᠭᠠᠴᠠᠯ᠂ ᠰᠤᠳᠤᠯᠤᠨ ᠰᠤᠷᠤᠯᠴᠠᠬᠤ ᠶᠢ ᠪᠡᠶᠡᠴᠢᠯᠡᠨ ᠣᠶᠢᠯᠠᠭᠠᠬᠤ ᠲᠠᠢ | ᠤᠶᠠᠯᠳᠤᠭᠤᠯᠵᠤ᠂ ᠣᠨᠴᠠᠯᠢᠭᠲᠤ ᠰᠣᠶᠣᠯ ᠵᠤᠭᠠᠴᠠᠯ ᠤᠨ 1P ᠶᠢ ᠪᠠᠶᠢᠭᠤᠯᠬᠤ ᠬᠡᠷᠡᠭᠲᠡᠶ︔ ᠡᠯᠡᠰᠦᠷᠬᠡᠭᠵᠢᠯ ᠢ | ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ ᠪᠠ ᠠᠵᠤ ᠦᠢᠯᠡᠰ ᠤᠨ ᠬᠥᠭᠵᠢᠯᠲᠡ ᠶᠢ ᠵᠣᠬᠢᠴᠠᠭᠤᠯᠤᠨ ᠠᠬᠢᠭᠤᠯᠤᠭᠰᠠᠨ | ︽ᠠᠷᠤ ᠬᠤᠷᠴᠢᠨ ᠬᠤᠰᠢᠭᠤᠨ ᠤ ᠵᠠᠭᠪᠤᠷ︾ ᠢ ᠳ᠋ᠦᠩᠨᠡᠨ ᠪᠣᠯᠪᠠᠰᠤᠷᠠᠭᠤᠯᠵᠤ᠂ ᠣᠷᠣᠨ ᠨᠤᠲᠤᠭ ᠤᠨ | ᠦᠢᠯᠡᠳᠣᠯᠭᠡ ᠶᠢᠨ ᠲᠤᠷᠰᠢᠯᠭ᠎ᠠ ᠶᠢ ᠪᠦᠬᠦ ᠤᠯᠤᠰ ᠤᠨ ᠠᠮᠢ ᠠᠬᠤᠶ ᠶᠢᠨ ᠵᠠᠰᠠᠯᠲᠠ ᠶᠢᠨ ᠠᠰᠢᠭᠲᠠᠶ ᠲᠣᠯᠢ ᠪᠣᠯᠭᠠᠨ | ᠬᠤᠪᠢᠷᠠᠭᠤᠯᠬᠤ ᠬᠡᠷᠡᠭᠲᠡᠶ ᠭᠡᠵᠡᠶ᠃ | ᠯᠢᠦ ᠸᠧᠶ ᠢᠯᠡᠷᠬᠡᠶᠢᠯᠡᠬᠦ ᠳᠡᠭᠡᠨ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ | ᠰᠣᠨᠢᠨ ᠮᠡᠳᠡᠭᠡᠨ ᠤ ᠤᠬᠠᠭᠤᠯᠭ᠎ᠠ ᠶᠢᠨ ᠳᠠᠪᠠᠭᠤᠯᠢᠭ ᠢᠶᠠᠨ ᠭᠦᠢᠴᠡᠣᠨ ᠪᠠᠳᠠᠷᠠᠭᠤᠯᠵᠤ᠂ ᠠᠷᠤ ᠬᠤᠷᠴᠢᠨ | ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠣᠨᠴᠠᠯᠢᠭ ᠲᠤ ᠠᠩᠬᠠᠷᠤᠯ ᠢᠶᠠᠨ | ᠲᠥᠪᠯᠡᠷᠡᠭᠦᠯᠦᠨ᠂ ᠭᠦᠨᠵᠡᠭᠡᠶ ᠮᠡᠳᠡᠭᠡᠯᠡᠯ ᠪᠠ ᠲᠤᠰᠬᠠᠶ ᠰᠡᠳᠦᠪᠲᠦ ᠤᠬᠠᠭᠠᠯᠠᠭ᠎ᠠ ᠪᠠᠷ ᠳᠠᠮᠵᠢᠭᠤᠯᠤᠨ᠂ ᠣᠯᠠᠨ | ᠵᠦᠢᠯ ᠤᠨ ᠬᠡᠯᠪᠡᠷᠢ ᠪᠠᠷ ︽ᠠᠷᠢᠭᠤᠨ ᠲᠠᠭᠰᠢᠨ ᠠᠷᠤ ᠬᠤᠷᠴᠢᠨ︾ ᠤ ᠨᠠᠷᠡᠲᠤ ᠲᠥᠷᠥᠯ ᠲᠡᠮᠳᠡᠭᠲᠦ ᠶᠢᠨ | ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ | ᠭᠡᠵᠡᠶ᠃ ︵ᠰᠠᠶᠢᠬᠠᠡᠬᠤᠸᠠᠷ︶ |