ᠠᠷᠤ ᠬᠤᠷᠴᠢᠨ ᠬᠤᠰᠢᠭᠤ 2025 ᠣᠨ ᠤ ᠠᠷᠠᠳ ᠤᠨ ᠡᠵᠡᠩᠨᠡᠯᠲᠦ ᠠᠵᠤ ᠠᠬᠤᠶᠢᠯᠠᠯ ᠤᠨ ᠦᠢᠯᠡᠴᠢᠯᠡᠭᠡᠨ ᠤ ᠰᠠᠷ᠎ᠠ ᠶᠢᠨ ᠠᠵᠢᠯᠯᠠᠭᠠᠨ ᠤ ᠠᠵᠢᠯᠴᠢᠨ ᠡᠯᠰᠡᠬᠦ ᠴᠣᠡᠡᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2025/5/27
       ᠣᠶᠢᠷ᠎ᠡ ᠳᠤ᠂ ︽ᠠᠷᠠᠳ ᠤᠨ ᠡᠵᠡᠩᠨᠡᠯᠲᠦ ᠠᠵᠤ ᠠᠬᠤᠶ ᠶᠢᠨ ᠬᠥᠭᠵᠢᠯᠲᠡ ᠶᠢ ᠳᠡᠮᠵᠢᠵᠤ᠂ ᠬᠥᠳᠡᠯᠮᠦᠷᠢᠴᠢᠳ ᠤᠨ ᠭᠦᠢᠴᠡᠣᠨ ᠠᠵᠢᠯ ᠣᠯᠭᠤᠯᠲᠠ ᠶᠢ ᠠᠬᠢᠭᠤᠯᠬᠤ︾ — 2025 ᠣᠨ ᠤ ᠠᠷᠠᠳ ᠤᠨ ᠡᠵᠡᠩᠨᠡᠯᠲᠤ ᠠᠵᠤ ᠠᠬᠤᠶᠢᠯᠠᠯ ᠤᠨ ᠦᠢᠯᠡᠴᠢᠯᠡᠭᠡᠨ ᠤ ᠰᠠᠷ᠎ᠠ ᠶᠢᠨ ᠠᠵᠢᠯᠯᠠᠭᠠᠨ ᠤ ᠠᠵᠢᠯᠴᠢᠨ ᠡᠯᠰᠡᠬᠦ ᠴᠤᠭᠯᠠᠭᠠᠨ ᠠᠷᠤ ᠬᠤᠷᠴᠢᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠰᠤᠯᠠ ᠠᠵᠢᠯ ᠤᠨ ᠵᠠᠬ᠎ᠠ ᠳᠡᠯᠭᠡᠭᠦᠷ ᠲᠤ ᠠᠮᠵᠢᠯᠲᠠ ᠲᠠᠢ ᠶᠠᠪᠤᠭᠳᠠᠪᠠ᠃
       ᠲᠤᠰ ᠤᠳᠠᠭᠠᠨ ᠤ ᠠᠵᠢᠯᠯᠠᠭ᠎ᠠ ᠨᠢ ︽ᠰᠦᠯᠵᠢᠶᠡᠨ ᠭᠠᠳᠠᠨ᠎ᠠ + ᠰᠦᠯᠵᠢᠶᠡᠨ ᠳᠡᠭᠡᠷ᠎ᠡ︾ ᠵᠡᠷᠭᠡ ᠪᠠᠷ ᠶᠠᠪᠤᠭᠳᠠᠬᠤ ᠵᠠᠭᠪᠤᠷ ᠢ ᠬᠡᠷᠡᠭᠯᠡᠨ᠂ ᠬᠥᠮᠦᠨ ᠬᠡᠷᠡᠭᠯᠡᠬᠦ ᠨᠢᠭᠡᠴᠡ ᠪᠠ ᠠᠵᠢᠯ ᠡᠷᠢᠭᠰᠡᠳ ᠤᠨ ᠬᠡᠷᠡᠭᠴᠡᠭᠡ ᠶᠢ ᠪᠦᠬᠦ ᠲᠠᠯ᠎ᠠ ᠪᠠᠷ ᠬᠠᠩᠭᠠᠵᠤ᠂ ᠴᠠᠭ ᠪᠠ ᠣᠷᠣᠨ ᠵᠠᠶ ᠶᠢᠨ ᠬᠦᠯᠢᠶᠡᠰᠦᠯᠡᠯ ᠳᠤ ᠬᠦᠷᠲᠡᠬᠦ ᠦᠭᠡᠶ ᠪᠠᠶᠢᠵᠤ᠂ ᠬᠥᠮᠦᠨ ᠪᠠ ᠠᠵᠢᠯ ᠤᠨ ᠪᠠᠶᠢᠷᠢ ᠶᠢᠨ ᠬᠤᠭᠤᠷᠣᠨᠳᠣᠬᠢ ᠵᠣᠬᠢᠴᠠᠯᠳᠤᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠮᠦᠨ ᠬᠡᠷᠡᠭᠯᠡᠬᠦ ᠨᠢᠭᠡᠴᠡ ᠪᠠ ᠠᠵᠢᠯ ᠡᠷᠢᠭᠰᠡᠳ ᠤᠨ ᠨᠠᠩ ᠬᠠᠨᠳᠤᠯᠭᠠᠲᠤ ᠴᠢᠨᠠᠷᠲᠠᠶ ᠪᠠᠷ ᠰᠣᠩᠭᠤᠯᠲᠠ ᠬᠢᠬᠦ ᠳᠤ ᠲᠤᠰᠠᠯᠠᠵᠤ᠂ ᠠᠵᠢᠯ ᠳᠤ ᠣᠷᠣᠬᠤ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠪᠡ᠃
       ᠠᠵᠢᠯᠴᠢᠨ ᠡᠯᠰᠡᠬᠦ ᠴᠤᠭᠯᠠᠭᠠᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠯᠠᠭᠠᠨ ᠳᠤ ᠨᠡᠶᠢᠲᠡ 50 ᠠᠷᠠᠳ ᠤᠨ ᠡᠵᠡᠩᠨᠡᠯᠲᠦ ᠠᠵᠤ ᠠᠬᠤᠶᠢᠯᠠᠯ ᠢᠳᠡᠪᠬᠢᠲᠡᠶ ᠣᠷᠣᠯᠴᠠᠵᠤ᠂ ᠣᠯᠠᠨ ᠠᠵᠢᠯ ᠲᠥᠷᠥᠯ ᠤᠨ ᠬᠦᠷᠢᠶ᠎ᠠ ᠶᠢ ᠬᠠᠮᠤᠷᠤᠭᠰᠠᠨ 174 ᠠᠵᠢᠯ ᠤᠨ ᠪᠠᠶᠢᠷᠢ 2255 ᠬᠥᠮᠦᠨ ᠬᠡᠷᠡᠭᠯᠡᠬᠦ ᠬᠡᠷᠡᠭᠴᠡᠭᠡ ᠲᠤᠭ᠎ᠠ ᠶᠢ ᠬᠠᠩᠭᠠᠵᠤ᠂ ᠠᠵᠢᠯ ᠡᠷᠢᠭᠰᠡᠳ ᠲᠤ ᠨᠠᠩ ᠶᠡᠭᠡ ᠠᠵᠢᠯ ᠣᠯᠬᠤ ᠰᠣᠩᠭᠤᠯᠲᠠ ᠶᠢᠨ ᠣᠷᠣᠨ ᠵᠠᠶ ᠬᠠᠩᠭᠠᠪᠠ᠃ ᠠᠵᠢᠯᠯᠠᠭᠠᠨ ᠤ ᠠᠬᠤᠶ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨᠲᠡᠶ ᠪᠠᠶᠢᠵᠤ᠂ 100 ᠭᠠᠷᠤᠶ ᠠᠵᠢᠯ ᠡᠷᠢᠭᠰᠡᠳ ᠠᠬᠤᠶ ᠲᠠᠯᠠᠪᠠᠢ ᠶᠢᠨ ᠴᠤᠭᠯᠠᠭᠠᠨ ᠳᠤ ᠣᠷᠣᠯᠴᠠᠨ᠂ ᠰᠦᠯᠵᠢᠶᠡᠨ ᠳᠡᠭᠡᠷᠡᠬᠢ ᠠᠵᠢᠯᠯᠠᠭ᠎ᠠ ᠨᠢ 1.1 ᠲᠦᠮᠡᠨ ᠬᠥᠮᠦᠨ ᠤᠳᠠᠭ᠎ᠠ ᠶᠢᠨ ᠠᠩᠬᠠᠷᠤᠯ ᠢ ᠲᠠᠲᠠᠵᠤ᠂ ᠬᠠᠮᠤᠭ ᠰᠡᠭᠦᠯ ᠳᠤ ᠨᠡᠶᠢᠲᠡ 266 ᠬᠥᠮᠦᠨ ᠠᠩᠬ᠎ᠠ ᠠᠯᠬᠤᠮ ᠤᠨ ᠠᠵᠢᠯ ᠣᠯᠭᠤᠯᠲᠠ ᠶᠢᠨ ᠰᠠᠨᠠᠮᠵᠢ ᠲᠣᠭᠲᠠᠪᠠ᠃
       ᠣᠶᠢᠯᠠᠭᠠᠭᠰᠠᠨ ᠢᠶᠠᠷ᠂ ᠰᠤᠯᠠ ᠠᠵᠢᠯ ᠤᠨ ᠵᠠᠬ᠎ᠠ ᠳᠡᠯᠭᠡᠭᠦᠷ ᠤᠨ ᠰᠢᠨ᠎ᠡ ᠪᠠᠭᠤᠴᠠ ᠨᠢᠭᠡᠨᠲᠡ ᠪᠠᠶᠢᠭᠤᠯᠣᠡᠡᠳᠡᠵᠤ᠂ ᠡᠨᠡ ᠨᠢ ᠮᠠᠨ ᠤ ᠬᠤᠰᠢᠭᠤ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ᠂ ᠴᠢᠨᠠᠷ ᠰᠠᠶᠢᠲᠠᠶ ᠭᠦᠢᠴᠡᠣᠨ ᠠᠵᠢᠯ ᠣᠯᠭᠤᠯᠲᠠ ᠶᠢ ᠠᠬᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠶ ᠨᠢᠭᠡᠨ ᠠᠯᠬᠤᠮ ᠤᠷᠤᠭᠰᠢᠯᠠᠭᠰᠠᠨ ᠢ ᠬᠠᠷᠠᠭᠤᠯᠪᠠ᠃ ᠰᠤᠯᠠ ᠠᠵᠢᠯ ᠤᠨ ᠵᠠᠬ᠎ᠠ ᠳᠡᠯᠭᠡᠭᠦᠷ ᠨᠢ ᠠᠵᠢᠯᠴᠢᠨ ᠡᠯᠰᠡᠬᠦ ᠣᠶᠤᠨᠴᠢ ᠲᠥᠬᠦᠭᠡᠷᠦᠮᠵᠢ᠂ ᠵᠥᠪᠳᠡᠨ ᠶᠠᠷᠢᠯᠴᠠᠬᠤ ᠲᠣᠭᠤᠷᠢᠭ ᠵᠡᠷᠭᠡ ᠶᠢ ᠪᠦᠷᠢᠯᠳᠦᠭᠦᠯᠦᠭᠰᠡᠨ ᠢᠶᠠᠷ ᠪᠠᠷᠠᠬᠤ ᠦᠬᠡᠶ ᠨᠠᠩ ᠴᠤ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠬᠡᠯᠪᠡᠷᠢ ᠶᠢᠨ ᠬᠤᠤᠰ ᠦᠢᠯᠡᠴᠢᠯᠡᠭᠡ ᠪᠠᠷ ᠳᠠᠮᠵᠢᠨ᠂ ᠠᠮᠢᠳᠤᠯᠢᠭ ᠢᠶᠠᠷ ᠠᠵᠢᠯ ᠣᠯᠤᠭᠰᠠᠳ ᠲᠤ ᠠᠵᠢᠯ ᠤᠨ ᠪᠠᠶᠢᠷᠢ ᠶᠢᠨ ᠵᠣᠯᠭᠠᠯᠴᠠᠭ᠎ᠠ᠂ ᠡᠷᠬᠡ ᠠᠰᠢᠭ ᠤᠨ ᠪᠠᠲᠤᠯᠠᠭ᠎ᠠ ᠤᠷ᠎ᠠ ᠴᠢᠳᠠᠪᠤᠷᠢ ᠶᠢᠨ ᠳᠡᠭᠡᠭᠰᠢᠯᠡᠯᠲᠡ ᠵᠡᠷᠭᠡ ᠨᠢᠭᠡ ᠥᠷᠲᠡᠭᠡᠨ ᠤ ᠮᠠᠶ᠋ᠢᠭ ᠤᠨ ᠳᠡᠮᠵᠢᠯᠭᠡ ᠬᠠᠩᠭᠠᠵᠤ᠂ ᠠᠮᠢᠳᠤᠯᠢᠭ ᠢᠶᠠᠷ ᠠᠵᠢᠯ ᠣᠯᠭᠤᠬᠤ ᠳᠤ ᠬᠠᠯᠠᠭᠤᠨ ᠳᠤᠯᠠᠭᠠᠨ ᠦᠢᠯᠡᠴᠢᠯᠡᠭᠡ ᠬᠠᠩᠭᠠᠬᠤ ᠬᠠᠷᠠᠯᠲᠠ ᠶᠢ ᠦᠨᠡᠨ ᠬᠦ ᠪᠡᠶᠡᠯᠡᠭᠦᠯᠪᠡ᠃ ︵ᠤᠷᠭᠤᠮᠠᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号