ᠱᠤᠤ ᠪᠠᠯᠭᠠᠰᠤ ᠪᠣᠯᠤᠨ ᠴᠢᠪᠠᠭ᠎ᠠ ᠪᠠᠯᠭᠠᠰᠤ ᠦᠨᠳᠦᠰᠦᠲᠡᠨ ᠤ ᠪᠦᠯᠬᠦᠮᠳᠡᠯ ᠤᠨ ᠵᠢᠷᠤᠭ ᠢ ᠬᠠᠮᠲᠤ ᠪᠠᠷ ᠪᠢᠴᠢᠭᠯᠡᠪᠡ
ᠨᠡᠶᠢᠲᠡᠯᠡᠭᠰᠡᠨ ᠴᠠᠭ᠄
2025/5/29
       5 ᠰᠠᠷ᠎ᠠ ᠶᠢᠨ 27 ᠤ ᠡᠳᠦᠷ᠂ ᠱᠣᠣ ᠪᠠᠯᠭᠠᠰᠤ ᠪᠣᠯᠤᠨ ᠴᠢᠪᠠᠭ᠎ᠠ ᠪᠠᠯᠭᠠᠰᠤ ︽ᠠᠨᠠᠷ ᠤᠨ ᠦᠷ᠎ᠡ ᠰᠢᠭ ᠪᠦᠯᠬᠦᠮᠳᠡᠵᠦ᠂ ᠨᠠᠮ ᠤᠨ ᠠᠴᠢ ᠳᠤ ᠲᠠᠯᠠᠷᠬᠠᠵᠤ ᠲᠠᠯ᠎ᠠ ᠨᠤᠲᠤᠭ ᠤᠨ ᠬᠠᠶᠢᠷ᠎ᠠ ᠰᠡᠳᠬᠢᠯᠭᠡ ᠪᠠᠨ ᠪᠠᠲᠤᠳᠬᠠᠶ᠎ᠠ︾ ᠭᠤᠤᠯ ᠰᠡᠳᠦᠪᠲᠦ ᠬᠡᠦᠬᠡᠳ ᠤᠨ ᠪᠠᠶᠠᠷ ᠤᠨ ᠬᠠᠮᠲᠤᠷᠠᠨ ᠪᠠᠶᠢᠭᠤᠯᠬᠤ ᠠᠵᠢᠯᠯᠠᠭ᠎ᠠ ᠥᠷᠨᠢᠭᠦᠯᠪᠡ᠃ ᠬᠤᠶᠠᠷ ᠪᠠᠯᠭᠠᠰᠤᠨ ᠤ ᠬᠡᠦᠬᠡᠳ ᠤᠳ ᠡᠪᠡᠰᠦᠨ ᠤ ᠦᠢᠯᠡᠰ ᠤᠨ ᠰᠣᠶᠣᠯ ᠢ ᠬᠠᠶᠢᠨ ᠰᠢᠨᠵᠢᠯᠡᠬᠦ᠂ ᠬᠠᠮᠲᠤ ᠪᠠᠷ ᠪᠠᠶᠢᠭᠤᠯᠬᠤ ᠬᠡᠯᠡᠯᠴᠡᠭᠡᠷ ᠲᠣᠭᠲᠠᠬᠤ  ᠦᠨᠳᠦᠰᠦᠲᠡᠨ  ᠤ  ᠨᠠᠭᠠᠳᠤᠮ  ᠲᠣᠭᠯᠠᠭᠠᠮ  ᠢ  ᠬᠠᠮᠲᠤ  ᠪᠠᠷ  ᠲᠣᠭᠯᠠᠬᠤ  ᠳᠠᠭᠠᠨ    ︽ᠳᠤᠮᠳᠠᠳᠤ ᠶᠢᠨ ᠦᠨᠳᠦᠰᠦᠲᠡᠨ ᠨᠢᠭᠡ ᠭᠡᠷ ᠮᠡᠲᠦ ᠳᠣᠲᠣᠨᠣ︾ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠲᠠᠷᠢᠪᠠ᠃
       ᠡᠨᠡ ᠤᠳᠠᠭ᠎ᠠ ᠲᠣᠭᠤᠷᠢᠨ ᠦᠵᠡᠬᠦ ᠪᠠᠷ ᠳᠠᠮᠵᠢᠨ᠂ ᠬᠡᠦᠬᠡᠳ ᠤᠳ ᠡᠪᠡᠰᠦᠨ ᠤ ᠦᠢᠯᠡᠰ ᠤᠨ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠤᠭᠰᠠᠨ ᠲᠡᠳᠦᠶ ᠥᠬᠡᠶ᠂ ᠡᠬᠡ ᠪᠠᠶᠢᠭᠠᠯᠢ ᠶᠢᠨ ᠣᠩᠭᠤᠨ ᠭᠠᠶᠢᠬᠠᠮᠰᠢᠭ ᠬᠢᠭᠡᠳ ᠦᠵᠡᠰᠬᠦᠯᠡᠩᠲᠦ ᠰᠠᠶᠢᠬᠠᠨ ᠢ ᠮᠡᠳᠡᠷᠡᠵᠦ ᠬᠡᠦᠬᠡᠳ ᠤᠳ ᠤᠨ ᠰᠢᠨᠵᠢᠯᠡᠬᠦ ᠤᠬᠠᠭᠠᠨ ᠤ ᠬᠠᠶᠢᠨ ᠰᠦᠪᠡᠭᠴᠢᠯᠡᠯᠲᠡ ᠶᠢᠨ ᠲᠤᠬᠠᠶ ᠬᠠᠯᠠᠭᠤᠨ ᠤᠷᠮᠠᠰ ᠢ ᠨᠢ ᠬᠥᠭᠵᠢᠭᠡᠭᠰᠡᠨ ᠪᠠᠶᠢᠨ᠎ᠠ᠃ ᠬᠤᠶᠠᠷ ᠪᠠᠯᠭᠠᠰᠤᠨ ᠤ ᠬᠡᠦᠬᠡᠳ ᠤᠳ ᠡᠪᠡᠰᠦᠨ ᠤ ᠦᠢᠯᠡᠰ ᠤᠨ ᠭᠤᠤᠯ ᠣᠷᠣᠨ ᠳᠤ ᠪᠠᠰᠠ ︽ᠳᠤᠮᠳᠠᠳᠤ ᠶᠢᠨ ᠦᠨᠳᠦᠰᠦᠲᠡᠨ ᠨᠢᠭᠡ ᠭᠡᠷ ᠮᠡᠲᠦ ᠳᠣᠲᠣᠨᠣ︾ ᠭᠤᠤᠯ ᠰᠡᠳᠦᠪᠲᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠭᠠᠷᠭᠠᠵᠤ ᠬᠠᠮᠲᠤ ᠪᠠᠷ ᠪᠠᠶᠠᠰᠤᠯᠴᠠᠪᠠ᠃
       ᠡᠪᠡᠰᠦᠨ ᠤ ᠦᠢᠯᠡᠰ ᠤᠨ ᠭᠤᠤᠯ ᠲᠣᠭᠤᠷᠢᠭ ᠤᠨ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠱᠤᠤ ᠪᠠᠯᠭᠠᠰᠤᠨ ᠤ ᠴᠠᠶᠢᠳᠠᠮ ᠪᠠᠭ᠎ᠠ ᠰᠤᠷᠭᠠᠭᠤᠯᠢ ᠪᠣᠯᠤᠨ ᠴᠢᠪᠠᠭ᠎ᠠ ᠪᠠᠯᠭᠠᠰᠤᠨ ᠤ ᠴᠢᠶᠣᠣᠮᠠᠶᠢᠳᠠᠯ᠎ᠠ ᠪᠠᠭ᠎ᠠ ᠰᠤᠷᠭᠠᠭᠤᠯᠢ ᠶᠢᠨ ᠬᠠᠷᠢᠭᠤᠴᠠᠯᠭᠠᠲᠠᠨ ᠲᠠᠢ ᠬᠤᠤᠰᠯᠠᠯ ᠪᠠᠶᠢᠭᠤᠯᠵᠤ ᠬᠠᠮᠲᠤᠪᠠᠷ ᠪᠠᠶᠢᠭᠤᠯᠬᠤ ᠵᠥᠪᠯᠡᠯᠴᠡᠭᠡᠷ ᠲᠣᠬᠢᠷᠠᠯᠴᠠᠵᠤ᠂ ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ ᠵᠢᠭᠠᠨ ᠰᠤᠷᠭᠠᠯᠲᠠ᠂ ᠪᠠᠭᠰᠢ ᠶᠢᠨ ᠪᠣᠯᠪᠠᠰᠤᠷᠠᠯ᠂ ᠰᠤᠷᠤᠭᠴᠢᠳ ᠤᠨ ᠰᠣᠯᠢᠯᠴᠠᠭ᠎ᠠ ᠵᠡᠷᠭᠡ ᠲᠠᠯ᠎ᠠ ᠪᠠᠷ ᠨᠠᠩ ᠭᠦᠨᠵᠡᠭᠡᠶ ᠬᠠᠮᠲᠤᠷᠠᠯᠴᠠᠭ᠎ᠠ ᠥᠷᠨᠢᠭᠦᠯᠬᠦ ᠪᠠᠷ ᠪᠣᠯᠪᠠ᠃ ᠡᠨᠡ ᠤᠳᠠᠭ᠎ᠠ ᠪᠠᠰᠠ ᠪᠥᠮᠪᠦᠭᠡ ᠳᠠᠮᠵᠢᠭᠤᠯᠬᠤ᠂ ᠭᠠᠷ ᠠᠯᠴᠢᠭᠤᠷ ᠬᠠᠶᠠᠬᠤ ᠵᠡᠷᠭᠡ ᠰᠣᠨᠢᠷᠬᠠᠯᠲᠤ ᠲᠠᠮᠢᠷ ᠤᠨ ᠬᠥᠳᠡᠯᠭᠡᠭᠡᠨ ᠢ ᠲᠣᠬᠢᠷᠠᠭᠤᠯᠤᠭᠰᠠᠨ ᠪᠠᠶᠢᠨ᠎ᠠ᠃ ︵ᠰᠠᠶᠢᠬᠠᠡᠬᠤᠸᠠᠷ᠂ ᠤᠷᠭᠤᠮᠠᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号